5 ᠰᠠᠷ᠎ᠠ ᠶᠢᠨ26 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠭ ᠤᠨ | ᠬᠤᠯᠪᠤᠭᠠᠳᠦ ᠬᠤᠷᠠᠯ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠬᠤᠯᠪᠤᠭᠠᠯᠠᠨ ︽ᠭᠤᠷᠪᠠᠨ ᠮᠢᠩᠭᠠᠨ ᠦᠨᠦᠴᠢᠨ | ᠬᠡᠥᠬᠡᠳ ᠢ ᠦᠪᠦᠷ ᠮᠤᠩᠭᠤᠯ ᠳᠤ ᠦᠷᠡᠴᠢᠯᠡᠨ ᠲᠡᠵᠢᠭᠡᠭᠰᠡᠨ︾ ᠦᠯᠢᠭᠡᠷ ᠢ ᠬᠤᠪᠢᠶᠠᠯᠴᠠᠬᠤ ᠬᠤᠷᠠᠯ ᠵᠢᠴᠢ | ᠬᠠᠯᠠᠭᠤᠨ ᠰᠡᠳᠭᠢᠯᠳᠦ ᠠᠨᠢᠶ᠎ᠠ ᠨᠠᠷ ︽ᠵᠢᠷᠭᠤᠭᠠᠨ ᠰᠠᠷ᠎ᠠ ᠶᠢᠨ ᠨᠢᠭᠡᠨ︾ ᠤ ᠲᠡᠯᠡᠬᠡᠢ ᠶᠢᠨ ᠬᠡᠥᠬᠡᠳ ᠤᠨ ᠪᠠᠶᠠᠷ ᠢ | ᠬᠠᠮᠳᠦ ᠪᠠᠷ ᠪᠡᠯᠭᠡᠯᠡᠬᠦ ᠠᠵᠢᠯᠯᠠᠭ᠎ᠠ ᠦᠷᠨᠢᠭᠦᠯᠵᠡᠢ᠃ | ᠠᠵᠢᠯᠯᠠᠭ᠎ᠠ ᠳᠤ ᠴᠠᠭᠠᠠᠴᠢᠯᠠᠭᠤ᠂ ᠠᠯᠳᠠᠠᠳᠤᠭᠤᠰ᠂ ᠰᠠᠷᠠᠨᠴᠡᠴᠡᠭ᠂ ᠡᠷᠳᠡᠨᠢ᠂ ᠰᠤᠪᠤᠳ ᠵᠡᠷᠭᠡ ᠤᠯᠤᠰ ᠤᠨ | ᠬᠡᠥᠬᠡᠳ ᠠᠴᠠ ᠦᠪᠡᠷ ᠤᠨ ᠦᠩᠭᠡᠷᠡᠯᠳᠡ ᠲᠠᠢ ᠪᠠᠨ ᠤᠶᠠᠯᠳᠤᠭᠤᠯᠤᠨ ︽ᠭᠤᠷᠪᠠᠨ ᠮᠢᠩᠭᠠᠨ ᠦᠨᠦᠴᠢᠮ ᠬᠡᠥᠬᠡᠳ ᠢ | ᠦᠪᠦᠷ ᠮᠤᠩᠭᠤᠯ ᠳᠤ ᠦᠷᠡᠴᠢᠯᠡᠨ ᠲᠡᠵᠢᠭᠡᠭᠰᠡᠨ︾ ᠦᠯᠢᠭᠡᠷ ᠢ ᠰᠡᠳᠭᠢᠯ ᠬᠦᠳᠡᠯᠭᠡᠮ᠎ᠡ ᠶᠠᠷᠢᠵᠦ᠂ ᠪᠦᠬᠦ ᠤᠯᠤᠰ | ᠤᠨ ᠬᠠᠮᠤᠭ ᠤᠨ ᠭᠤᠶᠤ ᠭᠡᠷ ᠪᠦᠯᠢ᠂ ᠬᠠᠮᠤᠭ ᠤᠨ ᠭᠤᠶᠤ ᠬᠠᠯᠠᠭᠤᠨ ᠰᠡᠳᠭᠢᠯᠳᠦ ᠠᠨᠢᠶ᠎ᠠ ᠯᠢᠦ ᠵᠢᠦᠢ ᠬᠤᠩ | ᠪᠤᠯᠤᠨ ᠪᠤᠭᠤᠳᠦ ᠬᠤᠳᠠ ᠶᠢᠨ ᠲᠡᠰ ᠤᠨ ︽3.8︾ ᠤ ᠣᠯᠠᠭᠠᠨ ᠲᠤᠭᠴᠢ᠂ ᠬᠠᠮᠤᠭ ᠤᠨ ᠭᠤᠶᠤ ᠬᠠᠯᠠᠭᠤᠨ | ᠰᠡᠳᠭᠢᠯᠳᠦ ᠠᠨᠢᠶ᠎ᠠ ᠤᠳᠤᠨᠴᠢᠮᠡᠭ ᠲᠤᠰ ᠪᠦᠷᠢ ᠰᠡᠳᠭᠢᠯ ᠬᠦᠳᠡᠯᠭᠡᠮ᠎ᠡ ᠦᠢᠯᠡ ᠠᠵᠢᠯᠯᠠᠭ᠎ᠠ ᠦᠯᠢᠭᠡᠷ ᠢᠶᠠᠨ | ᠬᠤᠪᠢᠶᠠᠯᠴᠠᠵᠦ᠂ ᠲᠡᠷᠭᠡᠳᠡᠬᠢ ᠨᠡᠩ ᠤᠯᠠᠨ ᠬᠦᠮᠦᠰ ᠬᠠᠯᠠᠭᠤᠨ ᠰᠡᠳᠬᠢᠯᠳᠦ ᠠᠨᠢᠶ᠎ᠠ ᠨᠠᠷ ᠤᠨ ᠰᠠᠶᠢᠨ ᠲᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠳᠤ ᠤᠷᠤᠯᠴᠠᠬᠤ ᠶᠢ ᠲᠠᠶᠢᠴᠢᠯᠠᠭᠰᠠᠨ ᠪᠠᠶᠢᠨ᠎ᠠ᠃ | | | | ᠠᠬᠤᠢ ᠲᠠᠯᠠᠪᠠᠢ ᠳᠤ᠂ ᠬᠠᠯᠠᠭᠤᠨ ᠰᠡᠳᠭᠢᠯᠳᠦ ᠠᠨᠢᠶ᠎ᠠ ᠨᠠᠷ ᠬᠡᠥᠬᠡᠳ ᠤᠳ ᠲᠠᠢ ᠬᠠᠮᠳᠦ ᠪᠦᠵᠢᠭ᠂ ᠲᠠᠭᠤᠤ | ᠂ ᠤᠷᠠᠨ ᠤᠩᠰᠢᠯᠭ᠎ᠠ ᠵᠡᠷᠭᠡ ᠲᠤᠭᠯᠠᠯᠳᠠ ᠶᠢ ᠬᠠᠮᠳᠦ ᠪᠠᠷ ᠲᠤᠭᠯᠠᠵᠦ᠂ ᠭᠡᠷ ᠲᠡᠭᠡᠨ ᠬᠤᠴᠤᠷᠤᠭᠰᠠᠨ ᠬᠡᠥᠬᠡᠳ᠂ | ᠬᠦᠴᠢᠷᠳᠡᠯ ᠳᠤ ᠲᠤᠯᠭᠠᠷᠠᠭᠰᠠᠨ ᠬᠡᠥᠬᠡᠳ ᠤᠳ ᠪᠡᠯᠡᠭ ᠬᠦᠷᠭᠡᠨ᠂ ︽ᠲᠤᠮᠳᠠᠳᠦ ᠶᠢᠨ ᠦᠨᠳᠦᠰᠦᠳᠡᠨ ᠤ ᠶᠡᠭᠡ ᠭᠡᠷ | ᠪᠦᠯᠢ︾ ᠶᠢᠨ ᠬᠠᠶᠢᠷ᠎ᠠ ᠬᠠᠯᠠᠮᠵᠢ ᠶᠢ ᠬᠦᠷᠳᠡᠭᠡᠨ᠂ ᠴᠤᠪᠤᠭᠤ ᠲᠡᠭᠵᠢᠨ ᠦᠰᠦᠨ ᠪᠤᠶᠢᠵᠢᠬᠤ ᠶᠢ ᠨᠢ | ᠵᠤᠷᠢᠭᠵᠢᠭᠤᠯᠤᠭᠰᠠᠨ ᠪᠠᠶᠢᠨ᠎ᠠ᠃ | ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠶᠠᠪᠤᠳᠠᠯ ᠤᠨ ᠲᠤᠪᠴᠢᠶ᠎ᠠ᠂ ᠦᠨᠳᠦᠰᠦᠳᠡᠨ | ᠤ ᠬᠡᠥᠬᠡᠳ ᠤᠨ ᠴᠡᠴᠡᠷᠯᠢᠭ᠂ ᠠᠵᠢᠯᠴᠢᠨ ᠤ ᠶᠡᠷᠦᠩᠭᠡᠢ ᠡᠪᠯᠡᠯ᠂ ᠡᠪᠯᠡᠯ ᠤᠨ ᠬᠤᠷᠢᠶ᠎ᠠ᠂ ᠵᠡᠮᠳᠡᠭᠴᠤᠳ ᠤᠨ | ᠬᠤᠯᠪᠤᠭ᠎ᠠ᠂ ᠤᠯᠠᠭᠠᠨ ᠵᠠᠯᠠᠮᠠᠭᠠᠶᠢᠳᠠᠨ ᠤ ᠨᠡᠶᠢᠭᠡᠮᠯᠢᠭ ᠠᠵᠢᠯᠯᠠᠭ᠎ᠠ ᠳᠤ ᠤᠷᠤᠯᠴᠠᠵᠠᠢ᠃ | | | | | |