ᠪᠠᠶᠠᠨᠬᠤᠸᠠ ᠪᠠᠯᠭᠠᠰᠤᠨ ᠤ ᠵᠢᠪᠬᠤᠯᠠᠩᠳᠦ ᠭᠠᠴᠠᠭ᠎ᠠ ᠭᠤᠤᠯ ᠰᠡᠳᠦᠪᠳᠦ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2023/5/6
      ᠬᠦᠳᠡᠯᠮᠦᠷᠢ ᠶᠢᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠵᠦ᠂ ᠦᠨᠳᠦᠰᠦᠳᠡᠨ ᠤ ᠪᠦᠯᠬᠦᠮᠳᠡᠯ ᠢ ᠠᠬᠢᠭᠤᠯᠤᠨ᠂ ᠬᠠᠥᠯᠢ ᠴᠠᠭᠠᠵᠠ ᠬᠠᠥᠯᠢ ᠲᠦᠷᠢᠮ ᠤᠨ ᠤᠬᠠᠭᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠪᠠ ᠲᠤᠮᠳᠠᠳᠦ ᠶᠢᠨ ᠬᠦᠰᠡᠯ ᠢᠶᠠᠨ ᠲᠡᠷᠭᠡᠯᠰᠢᠭᠦᠯᠬᠦ ᠤᠨᠤᠯ ᠤᠨ ᠤᠬᠠᠭᠤᠯᠭ᠎ᠠ ᠶᠢ ᠰᠠᠶᠢᠳᠤᠷ ᠬᠢᠵᠦ᠂ ᠨᠠᠮ ᠤᠨ ᠬᠦᠮᠦᠵᠢᠯ ᠤᠨ ᠠᠵᠢᠯ ᠢ ᠠᠡᠷᠦᠬᠡ ᠪᠤᠯᠭᠠᠨ ᠳᠤ ᠬᠦᠷᠳᠡᠭᠡᠵᠦ᠂ ᠭᠠᠴᠭᠠᠠᠨ ᠤ ᠠᠷᠢᠭᠤᠨ ᠴᠢᠭᠡᠴᠢ  ᠪᠠᠷ ᠵᠠᠰᠠᠭ ᠪᠠᠷᠢᠬᠤ ᠰᠤᠷᠭᠠᠨ ᠬᠦᠯᠦᠵᠢᠯ ᠤᠨ ᠭᠤᠤᠯ ᠰᠡᠳᠦᠪᠳᠦ ᠡᠳᠦᠷ ᠤᠨ ᠠᠵᠢᠯᠯᠠᠭ᠎ᠠ ᠶᠢ ᠤᠯᠠᠮ ᠰᠠᠶᠢᠳᠤᠷ ᠠᠬᠢᠭᠤᠯᠬᠤ ᠶᠢᠨ ᠲᠦᠯᠦᠭᠡ ᠤᠶᠢᠷ᠎ᠠ ᠳᠤ᠂ ᠪᠠᠶᠠᠨᠬᠤᠸᠠ ᠪᠠᠯᠭᠠᠰᠤᠨ ᠤ ᠵᠢᠪᠬᠤᠯᠠᠩᠳᠦ ᠭᠠᠴᠠᠭ᠎ᠠ ᠮᠠᠯᠴᠢᠨ ᠠᠯᠳ᠋ᠬᠠᠭᠤᠯᠠ ᠶᠢᠨ ᠬᠤᠪᠢᠰᠬᠠᠯᠳᠦ ᠮᠤᠩᠭᠤᠯ ᠭᠡᠷ ᠲᠤ ︽ᠨᠠᠮ ᠤᠨ ᠪᠠᠶᠢᠭᠤᠯᠤᠯᠳᠠ ᠪᠠᠷ ᠤᠳᠤᠷᠢᠳᠤᠨ ᠲᠠᠭᠠᠭᠤᠯᠵᠦ ᠂ ᠨᠤᠮ ᠤᠨ ᠰᠢᠳᠢ ᠪᠠᠷ ᠬᠤᠯᠠ ᠶᠢ ᠪᠠᠷᠠᠭᠠᠯᠠᠬᠤ︾ ᠭᠤᠤᠯ ᠰᠡᠳᠦᠪᠳᠦ ᠬᠦᠳᠡᠯᠭᠡᠭᠡᠨ ᠦᠷᠨᠢᠭᠦᠯᠦᠭᠰᠡᠨ ᠪᠠᠶᠢᠨ᠎ᠠ᠃      ᠬᠦᠳᠡᠯᠬᠡᠬᠡᠨ ᠳᠤ᠂ ᠬᠦᠵᠢᠷ ᠲᠤᠭᠯᠠᠬᠤ᠂ ᠵᠢᠷᠠ ᠲᠤᠭᠯᠠᠭᠠᠮ ᠨᠠᠭᠠᠳᠬᠤ᠂ ᠮᠤᠩᠭᠤᠯ ᠰᠢᠳᠠᠷ᠎ᠠ᠂ ᠲᠡᠭᠡᠰᠦ ᠲᠠᠳᠠᠬᠤ᠂ ᠨᠤᠮᠤ ᠰᠤᠮᠤ ᠬᠠᠷᠪᠤᠬᠤ᠂ ᠪᠦᠬᠡ ᠪᠠᠷᠢᠯᠳᠤᠬᠤ ᠵᠡᠷᠭᠡ ᠤᠯᠠᠨ ᠲᠦᠷᠦᠯ ᠤᠨ ᠤᠳᠬ᠎ᠠ ᠠᠭᠤᠯᠭ᠎ᠠ ᠲᠠᠢ ᠬᠦᠳᠡᠯᠭᠡᠭᠡᠨ ᠶᠠᠪᠤᠭᠳᠠᠭᠤᠯᠵᠠᠢ᠃      ᠲᠤᠰ ᠣᠳᠠᠭᠠᠨ ᠤ ᠬᠦᠳᠡᠯᠭᠡᠭᠡᠨ ᠳᠤ ᠮᠠᠯᠴᠢᠳ ᠢᠳᠡᠪᠬᠢᠯᠡᠨ  ᠤᠷᠤᠯᠴᠠᠵᠦ᠂ ᠮᠠᠯᠴᠢᠳ ᠤᠨ ᠤᠷ᠎ᠠ ᠠᠪᠢᠶᠠᠰ ᠪᠠ ᠬᠦᠳᠡᠯᠮᠦᠷᠢ ᠠᠮᠢᠳᠤᠷᠠᠯ ᠤᠨ ᠤᠷ᠎ᠠ ᠤᠬᠠᠭᠠᠨ ᠢ ᠪᠠᠳᠠᠷᠠᠭᠤᠯᠵᠦ᠂ ᠬᠤᠳᠠ ᠤᠰᠤ ᠪᠠᠷ ᠢᠶᠠᠨ ᠨᠦᠬᠦᠷᠰᠡᠭ ᠰᠠᠶᠢᠬᠠᠨ ᠶᠠᠪᠤᠯᠴᠠᠨ᠂ ᠬᠠᠮᠳᠤᠪᠠᠷ ᠴᠢᠷᠮᠠᠶᠢᠨ ᠲᠠᠪᠰᠢᠬᠤ ᠨᠡᠩ ᠰᠠᠶᠢᠨ ᠰᠠᠶᠢᠬᠠᠨ ᠬᠦᠳᠡᠭᠡ ᠨᠤᠳᠤᠭ ᠤᠨ ᠠᠮᠢᠳᠤᠷᠠᠯ ᠢᠶᠠᠨ ᠴᠤᠭᠴᠠᠯᠠᠨ ᠪᠠᠶᠢᠭᠤᠯᠬᠤ ᠬᠦᠰᠡᠯ ᠵᠤᠷᠢᠯᠳᠠ ᠶᠢ ᠨᠢ ᠲᠠᠶᠢᠴᠢᠯᠠᠭᠰᠠᠨ ᠤᠳᠬ᠎ᠠ ᠠᠭᠤᠯᠭ᠎ᠠ ᠲᠠᠢ ᠦᠢᠯᠡ ᠠᠵᠢᠯᠯᠠᠭ᠎ᠠ ᠪᠤᠯᠤᠭᠰᠠᠨ ᠪᠠᠶᠢᠨ᠎ᠠ᠃
 
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号