ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠄2003.635 ᠲᠦᠮᠡᠨ ᠮᠤ᠋ ᠨᠤᠳᠤᠭ ᠪᠡᠯᠴᠢᠭᠡᠷ ᠤᠨ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠳᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ  ᠢ ᠰᠠᠶᠢᠳᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/5/6
      ᠬᠠᠪᠤᠷ ᠤᠨ ᠤᠯᠠᠷᠢᠯ ᠪᠤᠯ ᠪᠡᠯᠴᠢᠭᠡᠷ ᠡᠪᠡᠰᠦ ᠨᠤᠭᠤᠭᠠᠷᠠᠬᠤ ᠵᠠᠩᠭᠢᠯᠭ᠎ᠠ ᠶᠢᠨ ᠬᠤᠭᠤᠴᠠᠭ᠎ᠠ ᠮᠦᠨ᠂ ᠪᠡᠯᠴᠢᠭᠡᠷ ᠡᠪᠡᠰᠦ ᠶᠢᠨ ᠤᠷᠭᠤᠯᠳᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠨᠢ ᠦᠬᠡᠷ ᠮᠠᠯ ᠤᠨ ᠪᠡᠯᠴᠢᠭᠡᠷ ᠡᠪᠡᠰᠦ ᠶᠢ ᠬᠢᠰᠬᠢᠯᠡᠬᠦ ᠶᠢ ᠪᠦᠳᠦᠮᠵᠢᠳᠡᠢ ᠪᠠᠭᠠᠰᠬᠠᠵᠦ᠂ ᠪᠡᠯᠴᠢᠭᠡᠷ ᠡᠪᠡᠰᠦ ᠶᠢ ᠭᠦᠢᠴᠡᠳ ᠨᠤᠭᠤᠭᠠᠷᠠᠭᠤᠯᠬᠤ ᠪᠠ ᠦᠷᠭᠦᠯᠵᠢᠯᠡᠨ ᠤᠷᠭᠤᠭᠤᠯᠬᠤ ᠳᠤ ᠠᠰᠢᠭᠳᠠᠢ ᠪᠠᠶᠢᠵᠦ᠂ ᠠᠮᠢᠳᠦ ᠪᠤᠳᠠᠰ ᠤᠨ ᠤᠯᠠᠨ ᠶᠠᠩᠵᠤᠳᠦ ᠴᠢᠨᠠᠷ ᠢ ᠬᠠᠮᠠᠭᠠᠯᠠᠵᠦ ᠴᠢᠳᠠᠨ᠎ᠠ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠲᠦᠷᠦ ᠶᠢᠨ ᠪᠤᠳᠤᠯᠭ᠎ᠠ ᠶᠢ ᠪᠦᠳᠦᠮᠵᠢᠳᠡᠢ ᠨᠠᠶᠢᠳᠠᠪᠤᠷᠢᠵᠢᠭᠤᠯᠵᠦ᠂ ᠨᠤᠳᠤᠭ ᠪᠡᠯᠴᠢᠭᠡᠷ ᠢ ᠠᠮᠤᠷᠠᠭᠤᠯᠤᠨ ᠰᠡᠷᠭᠦᠭᠡᠬᠦ ᠳᠤ ᠬᠦᠴᠦᠨ ᠨᠡᠮᠡᠷᠢᠯᠡᠬᠦ ᠶᠢᠨ ᠲᠦᠯᠦᠭᠡ᠂4 ᠰᠠᠷ᠎ᠠ ᠶᠢᠨ5 ᠤ ᠡᠳᠦᠷ ᠠᠴᠠ ᠡᠬᠢᠯᠡᠨ᠂ ᠪᠦᠬᠦ ᠬᠤᠰᠢᠭᠤᠨ ᠤ12 ᠰᠤᠮᠤ ᠰᠢᠶᠠᠩ ᠪᠠᠯᠭᠠᠰᠤ ᠶᠢᠨ77 ᠭᠠᠴᠠᠭ᠎ᠠ ᠲᠤᠰᠬᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠤᠷᠤᠨ ᠳᠤ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠵᠦ᠂2003.635 ᠲᠦᠮᠡᠨ ᠮᠤ᠋ ᠨᠤᠳᠤᠭ ᠪᠡᠯᠴᠢᠬᠡᠷ45 ᠡᠳᠦᠷ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠤᠷᠤᠭᠰᠠᠨ ᠪᠠᠶᠢᠨ᠎ᠠ᠃      ᠪᠠᠶ᠋ᠬᠠᠤᠪᠤᠭ᠎ᠠ ᠰᠤᠮᠤ ᠶᠢᠨ ᠬᠡᠷᠡᠯᠠᠤᠳᠤ ᠭᠠᠴᠠᠭᠠᠨ ᠤ ᠰᠢᠦᠢ ᠬᠤᠩ ᠭᠧᠨ ᠤ ᠭᠡᠷ ᠲᠤ ᠬᠦᠷᠬᠦ ᠳᠤ᠂ ᠲᠡᠳᠡᠨ  ᠤ ᠪᠡᠯᠴᠢᠭᠡᠷ ᠲᠤ ᠦᠬᠡᠷ ᠬᠤᠨᠢᠨ ᠤ ᠪᠠᠷ᠎ᠠ ᠬᠠᠷᠠᠭᠳᠠᠬᠤ ᠦᠬᠡᠢ ᠪᠠᠶᠢᠵᠦ᠂ ᠬᠤᠷᠤᠭᠠᠨ ᠳᠤ ᠪᠠᠨ ᠦᠬᠡᠷ ᠬᠤᠨᠢᠳ  ᠢᠶᠠᠨ ᠲᠡᠵᠢᠭᠡᠵᠦ ᠪᠠᠶᠢᠯ᠎ᠠ᠃ ᠰᠢᠦᠢ ᠬᠤᠩ ᠭᠧᠨ ᠤ ᠭᠡᠷ ᠲᠤ ᠵᠤᠶᠠᠷ ᠵᠠᠭᠤ ᠭᠠᠷᠤᠢ ᠬᠤᠨᠢ᠂ ᠲᠦᠴᠢ ᠭᠠᠷᠤᠢ ᠦᠬᠡᠷ ᠂ ᠬᠤᠷᠢ ᠭᠠᠷᠤᠢ ᠠᠳᠤᠭᠤ ᠲᠠᠢ᠂ ᠪᠡᠯᠴᠢᠭᠡᠷ ᠰᠡᠷᠭᠦᠭᠡᠬᠦ ᠬᠤᠭᠤᠴᠠᠭ᠎ᠠ ᠡᠬᠢᠯᠡᠮᠡᠭᠴᠡ ᠰᠢᠦᠢ ᠬᠤᠩ ᠭᠧᠨ ᠮᠠᠯ ᠢᠶᠠᠨ ᠬᠠᠰᠢᠶᠠᠯᠠᠬᠤ ᠬᠤᠷᠤᠭ᠎ᠠ ᠬᠠᠰᠢᠶ᠎ᠠ ᠪᠠᠨ ᠪᠡᠯᠡᠳᠭᠡᠭᠰᠡᠨ ᠪᠠᠶᠢᠨ᠎ᠠ᠃ ᠰᠢᠦᠢ ᠬᠤᠩ ᠭᠧᠨ ᠰᠤᠷᠪᠤᠯᠵᠢᠯᠠᠭᠴᠢ ᠳᠤ᠄ ︽ᠪᠡᠯᠴᠢᠭᠡᠷ ᠰᠡᠷᠭᠦᠭᠡᠬᠦ ᠲᠦᠷᠦ ᠶᠢᠨ ᠪᠤᠳᠤᠯᠭ᠎ᠠ ᠪᠤᠯ ᠨᠡᠯᠢᠶᠡᠳ ᠰᠠᠶᠢᠨ ᠶᠠᠪᠤᠳᠠᠯ ᠶᠤᠮ᠂ ᠠᠮᠢ ᠠᠬᠤᠢ ᠶᠢ ᠰᠡᠷᠭᠦᠭᠡᠬᠦ  ᠶᠢᠨ ᠲᠦᠯᠦᠭᠡ᠂ ᠨᠢᠳᠤᠨ ᠡᠮᠦᠨᠡᠬᠢ ᠶᠢ ᠪᠤᠳᠤᠯᠬᠢᠯᠠᠭᠰᠠᠨ ᠴᠦ ᠲᠡᠷᠡ᠂ ᠠᠯᠤᠰ ᠬᠡᠳᠦ ᠶᠢ ᠪᠤᠳᠤᠯᠬᠢᠯᠡᠭᠰᠠᠨ ᠴᠦ ᠲᠡᠷᠡ᠂ ᠨᠤᠳᠤᠭ ᠪᠡᠯᠴᠢᠭᠡᠷ ᠢ ᠬᠠᠮᠠᠭᠠᠯᠠᠬᠤ ᠳᠤ ᠴᠦᠮ ᠠᠰᠢᠭᠳᠠᠢ︾ ᠭᠡᠵᠦ ᠪᠠᠶᠢᠯ᠎ᠠ᠃
微信图片_20230506090557.jpg     
      ᠦᠨᠢᠪᠢᠯᠢᠭ ᠪᠤᠯ ᠪᠠᠰᠠ ᠴᠦ ᠪᠠᠶ᠋ᠬᠠᠤᠪᠤᠭ᠎ᠠ ᠰᠤᠮᠤᠨ ᠤ ᠬᠡᠷᠡᠯᠠᠤᠳᠤ ᠭᠠᠴᠠᠭᠠᠨ ᠤ ᠮᠠᠯᠴᠢᠨ ᠶᠤᠮ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠭᠡᠷ ᠲᠡᠭᠡᠨ ᠬᠤᠶᠠᠷ ᠵᠠᠭᠤ ᠭᠠᠷᠤᠢ ᠬᠤᠨᠢ ᠲᠡᠵᠢᠭᠡᠵᠦ ᠪᠤᠢ᠃ ᠡᠨᠡ ᠵᠢᠯ ᠮᠠᠨ ᠤ ᠬᠤᠰᠢᠭᠤ ᠲᠦᠴᠢᠨ ᠲᠠᠪᠤᠨ ᠡᠳᠦᠷ ᠤᠨ ᠬᠤᠭᠤᠴᠠᠭ᠎ᠠ ᠲᠠᠢ ᠬᠠᠪᠤᠷ ᠤᠨ ᠡᠪᠡᠰᠦ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠬᠦ ᠠᠵᠢᠯᠯᠠᠭ᠎ᠠ ᠶᠢ ᠮᠡᠳᠡᠭᠰᠡᠨ ᠤ ᠲᠠᠷᠠᠭ᠎ᠠ᠂ ᠦᠨᠢᠪᠢᠯᠢᠭ ᠠᠯᠢ ᠡᠷᠳᠡ ᠠᠴᠠ ᠪᠡᠯᠡᠳᠭᠡᠯ ᠬᠢᠵᠦ᠂ ᠤᠯᠠᠨ ᠵᠢᠯ ᠤᠨ ᠲᠡᠵᠢᠭᠡᠨ ᠦᠷᠡᠵᠢᠭᠦᠯᠦᠭᠰᠡᠨ ᠲᠤᠷᠰᠢᠯᠭ᠎ᠠ ᠪᠠᠷ ᠢᠶᠠᠨ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠮᠠᠯ ᠤᠨ ᠠᠷᠠᠴᠢᠯᠠᠭ᠎ᠠ ᠶᠢᠨ ᠲᠦᠯᠦᠪᠯᠡᠭᠡ ᠲᠤᠭᠳᠠᠭᠠᠵᠦ᠂ ︽ᠬᠠᠭᠤᠷᠠᠢ ᠡᠪᠡᠰᠦ + ᠪᠤᠷᠳᠤᠭ᠎ᠠ + ᠲᠠᠷᠤᠰᠢᠯᠠᠭᠤᠯᠤᠭᠰᠠᠨ ᠡᠪᠡᠰᠦ︾ ᠶᠢ ᠤᠶᠠᠯᠳᠤᠭᠤᠯᠤᠨ ᠠᠷᠠᠴᠢᠯᠠᠬᠤ ᠠᠷᠭ᠎ᠠ ᠶᠢ ᠠᠪᠴᠦ᠂ ᠲᠤᠭᠳᠠᠭᠰᠠᠨ ᠴᠠᠭ ᠲᠠᠭᠠᠨ ᠲᠡᠵᠢᠭᠡᠵᠦ ᠡᠪᠡᠰᠦᠯᠡᠬᠦ ᠶᠢ ᠪᠠᠷᠢᠮᠳᠠᠯᠠᠨ᠂ ᠮᠠᠯ ᠤᠨ ᠲᠠᠷᠭᠤ ᠬᠦᠴᠦ ᠶᠢ ᠪᠠᠳᠤᠯᠠᠭᠰᠠᠨ ᠤ ᠬᠠᠮᠳᠦ ᠪᠠᠰᠠ ᠪᠡᠯᠴᠢᠭᠡᠷ ᠤᠨ ᠰᠡᠷᠭᠦᠭᠡᠯᠳᠡ ᠶᠢ ᠪᠠᠳᠤᠯᠠᠭᠰᠠᠨ ᠪᠠᠶᠢᠨ᠎ᠠ᠃ ᠰᠤᠷᠪᠤᠯᠵᠢᠯᠠᠭ᠎ᠠ ᠶᠢᠨ ᠲᠤᠮᠳᠠ ᠣᠶᠢᠯᠠᠭᠠᠭᠰᠠᠨ ᠢᠶᠠᠷ᠂ ᠦᠨᠢᠪᠢᠯᠢᠭ ᠤᠨ  ᠬᠢ ᠲᠤᠯᠤᠭᠠᠨ ᠮᠢᠩᠭ᠎ᠠ ᠭᠠᠷᠤᠢ ᠮᠤ᠋ ᠪᠡᠯᠴᠢᠭᠡᠷ ᠲᠠᠢ᠂ ᠨᠢᠳᠤᠨᠤᠨ ᠡᠪᠦᠯ ᠠᠴᠠ ᠤᠳᠤ ᠪᠤᠯᠳᠠᠯ᠎ᠠ ᠲᠡᠷᠡ ᠬᠤᠶᠠᠷ ᠵᠠᠭᠤ ᠭᠠᠷᠤᠢ ᠲᠤᠨ ᠬᠠᠭᠤᠷᠠᠢ ᠡᠪᠡᠰᠦ ᠪᠤᠷᠳᠤᠭ᠎ᠠ ᠨᠦᠬᠡᠴᠡᠯᠡᠵᠦ᠂ ᠪᠡᠯᠴᠢᠭᠡᠷ ᠰᠡᠷᠭᠦᠭᠡᠯᠳᠡ ᠶᠢᠨ ᠬᠤᠭᠤᠴᠠᠭ᠎ᠠ ᠶᠢ ᠪᠠᠳᠤᠯᠠᠭ᠎ᠠ ᠲᠠᠢ ᠦᠩᠭᠡᠷᠡᠭᠦᠯᠬᠦ ᠪᠠᠷ ᠲᠦᠯᠦᠪᠯᠡᠵᠦ ᠪᠠᠶᠢᠨ᠎ᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠬᠠᠪᠤᠷ ᠤᠨ ᠤᠯᠠᠷᠢᠯ ᠤᠨ ᠪᠡᠯᠴᠢᠭᠡᠷ ᠰᠡᠭᠦᠭᠡᠬᠦ ᠠᠵᠢᠯ ᠢ ᠬᠡᠷᠡᠭᠵᠢᠭᠦᠯᠦᠭᠰᠡᠨ ᠠᠴᠠ ᠨᠠᠰᠢ᠂ ᠡᠯ᠎ᠡ ᠰᠤᠮᠤ ᠰᠢᠶᠠᠩ ᠪᠠᠯᠭᠠᠰᠤᠨ ᠤ ᠠᠵᠢᠯᠳᠠᠨ ᠤ ᠤᠬᠠᠭᠤᠯᠭ᠎ᠠ ᠪᠠ ᠵᠢᠯᠤᠭᠤᠳᠤᠯᠭ᠎ᠠ ᠲᠤᠤᠷ᠎ᠠ᠂ ᠮᠠᠯᠴᠢᠳ ᠤᠨ ᠦᠵᠡᠯᠳᠡ ᠮᠠᠰᠢ ᠶᠡᠭᠡ ᠬᠤᠪᠢᠷᠠᠯᠳᠠ ᠲᠠᠢ ᠪᠤᠯᠵᠦ᠂ ︽ᠠᠵᠦ ᠠᠬᠤᠢ  ᠶᠢᠨ ᠲᠠᠩᠰᠠ᠂ ᠠᠮᠢ ᠠᠬᠤᠢ ᠶᠢᠨ ᠲᠠᠩᠰᠠ᠂ ᠤᠷᠤᠰᠢᠨ ᠲᠤᠭᠳᠠᠨᠢᠬᠤ ᠪᠠ ᠬᠦᠭᠵᠢᠯᠳᠡ ᠶᠢᠨ ᠲᠠᠩᠰᠠ︾ ᠶᠢ ᠪᠤᠳᠤᠬᠤ ᠶᠢ ᠰᠤᠷᠴᠦ᠂ ᠪᠡᠯᠴᠢᠭᠡᠷ ᠰᠡᠷᠭᠦᠭᠡᠬᠦ ᠠᠵᠢᠯ ᠤᠨ ᠢᠳᠡᠪᠬᠢᠵᠢᠯ ᠤᠨᠴᠠᠭᠠᠢ ᠦᠨᠳᠦᠷ ᠪᠤᠯᠤᠭᠰᠠᠨ ᠪᠠᠶᠢᠨ᠎ᠠ᠃ ᠮᠠᠯᠴᠢᠳ ᠤᠨ ᠢᠳᠡᠪᠬᠢᠳᠡᠢ ᠤᠷᠤᠯᠴᠠᠯᠭ᠎ᠠ ᠪᠠᠷ ᠨᠤᠳᠤᠭ ᠪᠡᠯᠴᠢᠭᠡᠷ ᠤᠨ ᠠᠮᠢ ᠠᠬᠤᠢ ᠮᠡᠳᠡᠭᠳᠡᠬᠦᠶᠢᠴᠡ ᠰᠠᠶᠢᠵᠢᠷᠠᠵᠦ᠂ ᠲᠠᠷᠠᠭᠠᠴᠢ ᠶᠢᠨ ᠠᠯᠬᠤᠮ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠮᠠᠯᠵᠢᠬᠤ ᠤᠷᠤᠨ ᠤ ᠪᠠᠶᠢᠩᠭᠤ  ᠶᠢᠨ ᠬᠢᠨᠠᠯᠳᠠ ᠲᠠᠯᠪᠢᠵᠦ ᠲᠤᠭᠤᠷᠢᠨ ᠪᠠᠶᠢᠴᠠᠭᠠᠬᠤ ᠡᠷᠴᠢᠮ ᠢᠶᠠᠨ ᠬᠠᠥᠯᠢ ᠶᠤᠰᠤᠭᠠᠷ ᠴᠢᠩᠭᠠᠷᠠᠭᠤᠯᠵᠦ᠂ ᠮᠠᠯᠵᠢᠬᠤ ᠤᠷᠤᠨ ᠤ ᠠᠵᠢᠯ ᠤᠨ ᠪᠠᠶᠢᠳᠠᠯ ᠢ ᠴᠠᠭ ᠲᠤᠬᠠᠢ ᠳᠤᠨᠢ ᠡᠵᠡᠮᠳᠡᠵᠦ᠂ ᠲᠤᠭᠳᠠᠭᠠᠯ ᠶᠤᠰᠤᠭᠠᠷ ᠪᠡᠯᠴᠢᠭᠡᠷᠯᠡᠭᠦᠯᠬᠦ ᠶᠢ ᠵᠤᠭᠰᠤᠭᠠᠭᠰᠠᠨ ᠦᠭᠡᠢ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠰᠡᠷᠭᠦᠬᠡᠬᠦ ᠬᠤᠭᠤᠴᠭᠠᠨ ᠳᠠᠬᠢ ᠪᠡᠯᠴᠢᠭᠡᠷᠯᠡᠬᠦᠯᠬᠦ ᠶᠢ ᠵᠤᠭᠰᠤᠭᠠᠬᠤ ᠠᠵᠢᠯ ᠢ ᠪᠤᠳᠠᠳᠢ ᠳᠤ ᠨᠠᠶᠢᠳᠠᠪᠤᠷᠢᠵᠢᠭᠤᠯᠬᠤ ᠶᠢ ᠪᠠᠳᠤᠯᠠᠵᠦ ᠪᠠᠶᠢᠨ᠎ᠠ᠃
微信图片_20230506090603.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号