ᠤᠯᠤᠰ ᠤᠨ ᠲᠡᠰ ᠤᠨ ᠨᠡᠷᠡᠳᠦ ᠮᠤᠩᠭᠤᠯ ᠡᠮᠴᠢ ᠬᠠᠩᠭᠠᠶᠢᠪᠠᠭᠠᠳᠤᠷ5 ᠰᠠᠷ᠎ᠠ ᠶᠢᠨ12 ᠤᠨ ᠡᠳᠦᠷ ᠮᠠᠨ ᠤ ᠬᠤᠰᠢᠭᠤᠨ ᠳᠤ ᠢᠷᠡᠵᠦ ᠡᠮᠴᠢᠯᠡᠭᠡ ᠬᠢᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2023/5/9
      ᠦᠷᠭᠡᠨ ᠤᠯᠠᠨ ᠡᠪᠡᠳᠴᠢᠳᠡᠨ ᠳᠤ ᠨᠡᠩ ᠰᠢᠯᠢᠳᠡᠭ᠂ ᠨᠡᠩ ᠲᠦᠭᠦᠮ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢᠨ ᠲᠦᠯᠦᠭᠡ᠂ ᠤᠯᠤᠰ ᠤᠨ ᠲᠡᠰ ᠤᠨ ᠨᠡᠷᠡᠳᠦ ᠮᠤᠩᠭᠤᠯ ᠡᠮᠨᠡᠯᠭᠡ ᠶᠢᠨ ᠡᠷᠬᠢᠯᠡᠭᠴᠢ ᠡᠮᠴᠢ ᠬᠠᠩᠭᠠᠶᠢᠪᠠᠭᠠᠳᠤᠷ ᠢ ᠲᠤᠰᠬᠠᠶᠢᠯᠠᠨ ᠤᠷᠢᠵᠦ2023 ᠤᠨ ᠤ5 ᠰᠠᠷ᠎ᠠ ᠶᠢᠨ12 ᠤᠨ ᠡᠳᠦᠷ ᠤᠨ ᠦᠳᠡ ᠶᠢᠨ ᠡᠮᠦᠨ᠎ᠡ ᠮᠠᠨ ᠤ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠳᠤ ᠡᠮᠴᠢᠯᠡᠭᠡ ᠬᠢᠯᠬᠡᠬᠦ ᠪᠠᠷ ᠪᠠᠶᠢᠨ᠎ᠠ᠃ ᠡᠪᠡᠳᠴᠢᠳᠡᠨ ᠤᠷᠢᠳᠴᠢᠯᠠᠨ ᠤᠳᠠᠰᠦ ᠪᠠᠷ ᠪᠤᠯᠵᠤᠵᠦ ᠳ᠋ᠤᠭᠠᠷᠯᠠᠭᠠᠷᠠᠢ᠃      ᠲᠤᠰᠬᠠᠢ ᠮᠡᠷᠭᠡᠵᠢᠯᠳᠡᠨ ᠤ ᠲᠠᠨᠢᠯᠴᠠᠭᠤᠯᠭ᠎ᠠ᠄      ᠬᠠᠩᠭᠠᠶᠢᠪᠠᠭᠠᠳᠤᠷ᠂ ᠮᠤᠩᠭᠤᠯ ᠡᠮᠨᠡᠯᠭᠡ ᠶᠢᠨ ᠬᠤᠶᠠᠳᠤᠭᠠᠷ ᠲᠡᠰ ᠤᠨ ᠡᠷᠬᠢᠯᠡᠭᠴᠢ ᠡᠮᠴᠢ᠂ ᠣᠯᠣᠰ ᠤᠨ ᠲᠡᠰ ᠤᠨ ᠨᠡᠷᠡᠳᠦ ᠮᠤᠩᠭᠤᠯ ᠡᠮᠴᠢ᠂ ᠪᠦᠬᠦ ᠤᠯᠤᠰ ᠤᠨ ᠬᠢᠳᠠᠳ ᠡᠮᠨᠡᠯᠭᠡ ᠶᠢᠨ ᠭᠠᠷᠮᠠᠭᠠᠢ ᠵᠢᠳᠭᠦᠯ ᠦᠵᠡᠭᠦᠯᠦᠭᠴᠢ ᠃ ᠤᠳᠤ ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠮᠤᠩᠭᠤᠯ ᠡᠮᠨᠡᠯᠭᠡ  ᠶᠢᠨ ᠬᠠᠪᠤᠳᠠᠷ ᠤᠨ ᠰᠠᠯᠠᠭᠠᠨ ᠤ ᠡᠷᠳᠡᠮ ᠰᠢᠨᠵᠢᠯᠡᠭᠡᠨ ᠤ ᠲᠠᠭᠠᠭᠤᠯᠤᠭᠴᠢ᠃ ᠮᠤᠩᠭᠤᠯ ᠡᠮᠨᠡᠯᠭᠡ ᠶᠢᠨ ᠡᠮᠴᠢᠯᠡᠭᠡᠨ ᠤ ᠠᠵᠢᠯ ᠢ ᠭᠤᠴᠢ ᠭᠠᠷᠤᠢ ᠵᠢᠯ ᠬᠢᠵᠦ᠂ ᠮᠤᠩᠭᠤᠯ ᠡᠮᠨᠡᠯᠭᠡ ᠪᠠᠷ ᠡᠯ᠎ᠡ ᠲᠦᠷᠦᠯ ᠤᠨ ᠬᠠᠪᠤᠳᠠᠷ ᠤᠨ ᠡᠪᠡᠳᠴᠢᠨ᠂ ᠴᠢᠰᠤᠨ ᠤ ᠡᠪᠡᠳᠴᠢᠨ᠂ ᠡᠮᠡᠭᠳᠡᠢ ᠶᠢᠨ ᠡᠪᠡᠳᠴᠢᠨ᠂ ᠡᠬᠡᠯᠢᠯᠡᠭᠡ ᠶᠢᠨ ᠰᠢᠰᠲ᠋ᠧᠮ ᠤᠨ ᠡᠪᠡᠳᠴᠢᠨ ᠢ ᠵᠠᠰᠠᠬᠤ  ᠳᠠᠭᠠᠨ ᠴᠢᠳᠠᠮᠠᠭᠠᠢ ᠪᠠᠶᠢᠳᠠᠭ᠃       ᠡᠮᠴᠢᠯᠡᠬᠦ ᠴᠠᠭ᠄2023 ᠤᠨ ᠤ5 ᠰᠠᠷ᠎ᠠ ᠶᠢᠨ12 ᠤᠨ ᠡᠳᠦᠷ ᠤᠨ ᠦᠳᠡ ᠶᠢᠨ ᠡᠮᠦᠨ᠎ᠡ      ᠬᠠᠶ᠋ᠢᠭ᠄ ᠡᠭᠦᠳᠡᠨ ᠡᠮᠨᠡᠯᠭᠡ ᠶᠢᠨ3 ᠳ᠋ᠤᠭᠠᠷ ᠲᠠᠪᠬᠤᠷᠭ᠎ᠠ ᠶᠢᠨ ᠲᠡᠷᠢᠬᠢᠨ ᠡᠪᠡᠳᠴᠢᠨ ᠤ ᠰᠠᠯᠠᠭ᠎ᠠ      ᠤᠷᠢᠳᠴᠢᠯᠠᠨ ᠳ᠋ᠤᠭᠠᠷᠯᠠᠬᠤ ᠴᠠᠭ᠄5 ᠰᠠᠷ᠎ᠠ ᠶᠢᠨ4 ᠤ ᠡᠳᠦᠷ —5 ᠰᠠᠷ᠎ᠠ ᠶᠢᠨ12 ᠤᠨ ᠡᠳᠦᠷ      ᠬᠠᠷᠢᠯᠴᠠᠬᠤ ᠤᠳᠠᠰᠦ᠄17704772679 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号