ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 5 ᠰᠠᠷ᠎ᠠ ᠶᠢᠨ 29 ᠤ ᠦᠳᠡ ᠶᠢᠨ ᠬᠤᠶᠢᠨ᠎ᠠ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠤᠬᠠᠢ ᠲᠠᠪᠤᠳᠤᠭᠠᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠭᠢᠯᠡᠭᠦ ᠳᠡᠭᠡᠨ᠂ ᠰᠤᠷᠭᠠᠨ ᠬᠥᠮᠦᠵᠢᠯ ᠬᠥᠭᠵᠢᠪᠡᠯ ᠤᠯᠤᠰ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ | ᠬᠦᠴᠦᠷᠬᠡᠭᠵᠢᠨ᠎ᠡ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ | ᠵᠠᠮᠴᠢᠯᠠᠭᠴᠢ ᠮᠥᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ ᠪᠦᠭᠦ ᠠᠷᠠᠳ ᠲᠦᠮᠡᠨ ᠤ ᠬᠠᠮᠲᠤ ᠪᠠᠷ | ᠪᠠᠶᠠᠵᠢᠬᠤ ᠶᠢ ᠠᠬᠢᠭᠤᠯᠬᠤ ᠶᠢᠨ ᠪᠦᠲᠦᠮᠵᠢᠲᠡᠢ ᠠᠷᠭ᠎ᠠ ᠵᠠᠮ ᠮᠥᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ | ᠠᠬᠢᠭᠤᠯᠬᠤ ᠶᠢᠨ ᠰᠠᠭᠤᠷᠢ ᠢᠨᠵᠧᠨᠧᠷᠢᠩ ᠮᠥᠨ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠨ᠂ | ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠪᠠᠶᠢᠷᠢᠰᠢᠭᠤᠯᠵᠤ᠂ ᠬᠤᠪᠢᠰᠤᠯᠲᠠ ᠶᠢ ᠬᠦᠴᠦᠲᠡᠢ ᠠᠷᠭᠠᠴᠠᠭᠠᠵᠤ᠂ ᠰᠢᠨ᠎ᠡ | ᠪᠠᠶᠢᠳᠠᠯ ᠢ ᠬᠦᠴᠦᠯᠡᠨ ᠨᠡᠭᠡᠭᠡᠵᠦ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ | ᠬᠥᠮᠦᠵᠢᠯ ᠤᠨ ᠬᠦᠴᠦᠨ ᠢᠶᠠᠷ ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠶᠢ ᠪᠠᠲᠤᠳᠬᠠᠵᠤ᠂ ᠰᠤᠷᠭᠠᠨ | ᠬᠥᠮᠦᠵᠢᠯ ᠤᠨ ᠬᠦᠴᠦᠷᠬᠡᠭᠵᠢᠯ ᠢᠶᠠᠷ ᠤᠯᠤᠰ ᠣᠷᠣᠨ ᠤ ᠪᠠᠶᠠᠨ ᠬᠦᠴᠦᠷᠬᠡᠭ ᠤᠨ ᠰᠠᠭᠤᠷᠢ ᠶᠢ ᠪᠠᠬᠢᠵᠢᠭᠦᠯᠵᠦ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠲᠦᠯᠬᠢᠨ ᠠᠬᠢᠭᠤᠯᠬᠤ ᠳᠤ | ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠴᠢᠩᠬᠤᠸᠠ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠠᠺᠠᠳᠧᠮᠢᠴᠢ ᠴᠢᠦ ᠶᠦᠩ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ | ᠠᠵᠢᠯ ᠤᠨ ᠰᠠᠨᠠᠭᠤᠯᠭ᠎ᠠ ᠳᠤᠷᠠᠳᠪᠠ᠃ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ | ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠰᠤᠷᠭᠠᠨ ᠬᠥᠮᠦᠵᠢᠯ ᠢ ᠤᠯᠤᠰ ᠤᠨ | ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠤᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ | ᠲᠦᠷᠭᠡᠳᠬᠡᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ | ᠣᠯᠬᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ ᠠᠬᠢᠭᠤᠯᠪᠠ᠃ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ | ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠤᠨ | ᠣᠳᠣᠬᠢᠴᠢᠯᠠᠭᠰᠠᠨ ᠬᠥᠭᠵᠢᠯᠲᠡ ᠶᠢᠨ ᠶᠡᠷᠦᠩᠬᠡᠢ ᠲᠦᠪᠰᠢᠨ ᠳᠡᠯᠡᠬᠡᠢ ᠶᠢᠨ ᠳᠤᠮᠳᠠ ᠳᠡᠭᠡᠳᠦ ᠤᠯᠤᠰ ᠤᠨ ᠡᠩᠨᠡᠭᠡᠨ ᠳᠤ | ᠣᠷᠣᠪᠠ᠃ ᠵᠢᠱᠢᠵᠦ ᠪᠤᠳᠣᠬᠰᠠᠨ ᠢᠶᠠᠷ ᠮᠠᠨ ᠤ ᠤᠯᠤᠰ ᠤᠨ ᠣᠳᠣᠬᠠᠨ ᠤ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠭᠦᠢᠴᠡᠳᠬᠡᠯ ᠲᠤᠭ᠎ᠠ ᠪᠦᠭᠦ ᠳᠡᠯᠡᠬᠡᠢ ᠶᠢᠨ 23 ᠳ᠋ᠤᠭᠠᠷ ᠲᠤ ᠣᠷᠣᠵᠤ᠂ 2012 ᠣᠨ ᠤ ᠬᠢ ᠠᠴᠠ 26 | ᠪᠠᠶᠢᠷᠢ ᠡᠮᠦᠨᠡᠰᠢᠯᠡᠵᠦ᠂ ᠳᠠᠪᠰᠢᠯᠲᠠ ᠪᠠᠷ ᠬᠠᠮᠤᠭ ᠤᠨ ᠲᠦᠷᠭᠡᠨ ᠤᠯᠤᠰ ᠪᠣᠯᠵᠠᠢ᠃ ᠡᠨᠡ ᠨᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠪᠣᠯ ᠪᠦᠷᠢᠮᠦᠰᠦᠨ ᠵᠥᠪ ᠪᠤᠯᠬᠤ ᠶᠢ | ᠭᠦᠢᠴᠡᠳ ᠭᠡᠷᠡᠴᠢᠯᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠢᠳᠠ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ | ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ | ᠡᠷᠬᠡᠪᠰᠢ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠᠷ | ᠦᠨᠳᠦᠰᠦᠨ ᠪᠠᠲᠤᠯᠠᠭ᠎ᠠ ᠪᠤᠯᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ ᠦᠨᠳᠦᠰᠦᠨ ᠡᠭᠦᠷᠭᠡ | ᠪᠤᠯᠭᠠᠵᠤ᠂ ᠨᠠᠮ ᠤᠨ ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠪᠠᠷ | ᠦᠨᠳᠦᠰᠦᠨ ᠬᠠᠷᠠᠯᠲᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ | ᠦᠢᠯᠡᠴᠢᠯᠡᠬᠦ ᠪᠠᠷ ᠴᠢᠬᠤᠯᠠ ᠡᠭᠦᠷᠭᠡ ᠪᠤᠯᠭᠠᠵᠤ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠰᠢᠰᠲ᠋ᠧᠮ᠂ ᠳᠦᠷᠢᠮ᠂ | ᠠᠭᠤᠯᠭ᠎ᠠ᠂ ᠠᠷᠭ᠎ᠠ᠂ ᠵᠠᠰᠠᠯᠲᠠ ᠶᠢᠨ ᠣᠳᠣᠬᠢᠴᠢᠯᠠᠯᠲᠠ ᠪᠠᠷ ᠦᠨᠳᠦᠰᠦᠨ ᠠᠷᠭ᠎ᠠ ᠵᠠᠮ ᠪᠤᠯᠭᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠨ ᠬᠥᠲᠥᠯᠥᠨ ᠳᠠᠭᠠᠭᠤᠯᠬᠤ ᠪᠠᠷ ᠭᠤᠣᠯ ᠦᠢᠯᠡᠳᠦᠯ ᠴᠢᠳᠠᠪᠤᠷᠢ ᠪᠤᠯᠭᠠᠬᠤ | ᠬᠡᠷᠡᠭᠲᠡᠢ ᠪᠠᠶᠢᠵᠤ᠂ ᠡᠴᠦᠰ ᠤᠨ ᠬᠠᠷᠠᠯᠲᠠ ᠪᠣᠯ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ | ᠡᠷᠭᠢᠯᠡᠭᠦ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ ᠲᠥᠯᠥᠭᠡ | ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠪᠣᠯᠣᠨ᠎ᠠ᠂ ᠪᠠᠰᠠ ᠴᠤ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠭᠤᠣᠯ ᠰᠡᠳᠦᠪ ᠪᠣᠯᠣᠨ᠎ᠠ᠃ ᠮᠠᠨ ᠤ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ | ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠦᠶ᠎ᠡ ᠦᠶ᠎ᠡ ᠶᠢᠨ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠳᠤ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠬᠦᠴᠦᠨ ᠪᠤᠯᠬᠤ | ᠦᠶ᠎ᠡ ᠦᠶ᠎ᠡ ᠶᠢᠨ ᠴᠢᠳᠠᠪᠤᠷᠢᠲᠠᠨ ᠢ ᠬᠥᠮᠥᠵᠢᠭᠦᠯᠵᠦ᠂ ᠨᠠᠮ ᠤᠨ ᠦᠢᠯᠡᠰ ᠪᠠ ᠨᠡᠶᠢᠭᠡᠮ ᠵᠢᠷᠤᠮ ᠤᠨ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠵᠠᠯᠭᠠᠮᠵᠢᠯᠠᠭᠴᠢ ᠲᠠᠢ ᠪᠠᠶᠢᠬᠤ ᠶᠢ ᠦᠨᠡᠨ ᠬᠦ ᠪᠠᠲᠤᠯᠠᠬᠤ ᠶᠠᠪᠤᠳᠠᠯ | ᠪᠣᠯᠣᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠬᠦᠴᠦᠯᠡᠨ ᠴᠢᠩᠭᠠᠳᠬᠠᠵᠤ᠂ ᠰᠤᠷᠤᠬᠴᠢᠳ ᠢ ᠬᠥᠲᠥᠯᠥᠨ | ᠵᠢᠯᠤᠭᠤᠳᠴᠤ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠲᠠᠢ ᠪᠤᠯᠭᠠᠵᠤ᠂ ᠡᠭᠦᠷᠢᠳᠡ ᠨᠠᠮ ᠤᠨ ᠦᠭᠡ ᠶᠢ ᠰᠣᠨᠣᠰᠴᠤ᠂ | ᠨᠠᠮ ᠢᠶᠠᠨ ᠲᠠᠭᠠᠵᠤ᠂ ᠤᠯᠤᠰ ᠪᠣᠯᠣᠨ ᠠᠷᠠᠳ ᠲᠦᠮᠡᠨ ᠳᠡᠭᠡᠨ ᠬᠤᠪᠢ ᠨᠡᠮᠡᠷᠢ ᠦᠵᠡᠭᠦᠯᠭᠦ ᠪᠠᠷ ᠵᠣᠷᠢᠭ ᠰᠢᠭᠤᠳᠬᠤ | ᠪᠤᠯᠭᠠᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠶᠡᠭᠡ ᠳᠤᠮᠳᠠᠳᠤ ᠪᠠᠭ᠎ᠠ | ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠨᠢᠭᠡ ᠴᠣᠭᠴᠠᠵᠢᠭᠤᠯᠬᠤ ᠪᠠᠶᠢᠭᠤᠯᠤᠯᠲᠠ ᠶᠢ | ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠬᠠᠨᠳᠤᠯᠭᠠᠲᠤ ᠴᠢᠨᠠᠷ ᠪᠠ ᠲᠠᠲᠠᠬᠤ ᠬᠦᠴᠦᠨ ᠢ | ᠳᠡᠭᠡᠭᠰᠢᠯᠡᠭᠦᠯᠭᠦ ᠬᠡᠷᠡᠭᠲᠡᠢ᠃ ᠰᠦᠯᠵᠢᠶ᠎ᠡ ᠪᠠᠷ ᠬᠥᠮᠥᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠢᠨᠲ᠋ᠧᠷ | ᠰᠦᠯᠵᠢᠶᠡᠨ ᠤ ᠴᠠᠭ ᠦᠶ᠎ᠡ ᠶᠢᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠦᠵᠡᠯ | ᠤᠬᠠᠮᠰᠠᠷ ᠤᠨ ᠭᠡᠯᠪᠡᠷᠢ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠦᠵᠢᠯ ᠤᠨ | ᠠᠮᠢᠨ ᠰᠤᠳᠠᠰᠤ ᠪᠤᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠳᠬᠡᠨ | ᠪᠠᠶᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠦᠨᠳᠦᠰᠦᠨ ᠴᠡᠭ | ᠨᠢ ᠰᠠᠭᠤᠷᠢ ᠰᠤᠷᠭᠠᠨ ᠬᠥᠮᠦᠵᠢᠯ ᠳᠤ ᠪᠤᠢ᠃ ᠰᠠᠭᠤᠷᠢ ᠰᠤᠷᠭᠠᠨ ᠬᠥᠮᠦᠵᠢᠯ ᠢ ᠬᠡᠳᠦᠢ ᠯᠠᠪᠳᠠᠭᠤᠨ ᠪᠠᠲᠤᠲᠠᠢ ᠬᠢᠬᠦ | ᠲᠤᠲᠤᠮ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠠᠯᠬᠤᠴᠠ ᠲᠡᠳᠦᠢ ᠯᠠᠪᠳᠠᠭᠤᠨ ᠪᠣᠯᠵᠤ᠂ ᠨᠥᠭᠡᠴᠡ ᠬᠦᠴᠦᠨ | ᠨᠢ ᠲᠡᠳᠦᠢ ᠲᠡᠭᠦᠯᠳᠡᠷ ᠪᠣᠯᠣᠨ᠎ᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠲᠦᠭᠡᠮᠡᠯ ᠬᠠᠷᠠᠭᠠᠯᠵᠠᠯ ᠲᠠᠢ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠯᠪᠠᠨ ᠵᠢᠷᠤᠮ ᠤᠨ | ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠪᠠ ᠬᠤᠲᠠ ᠬᠥᠳᠡᠭᠡ ᠶᠢ ᠨᠢᠭᠡ | ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠨᠢ ᠰᠤᠷᠤᠬᠴᠢᠳ ᠤᠨ ᠮᠡᠳᠡᠯᠭᠡ ᠶᠢᠨ | ᠰᠠᠭᠤᠷᠢ ᠶᠢ ᠪᠠᠬᠢᠵᠢᠭᠦᠯᠬᠦ ᠪᠠᠷ ᠪᠠᠷᠠᠬᠤ ᠦᠭᠡᠢ ᠪᠠᠰᠠ ᠰᠤᠷᠤᠬᠴᠢᠳ ᠤᠨ ᠰᠢᠨᠵᠢᠯᠡᠬᠦ ᠤᠬᠠᠭᠠᠨ ᠢ ᠡᠷᠭᠢᠮᠯᠡᠭᠦ᠂ ᠥᠯᠥ ᠮᠡᠳᠡᠬᠦ | ᠵᠦᠢᠯ ᠢ ᠰᠡᠳᠬᠢᠨ ᠰᠦᠪᠡᠭᠴᠢᠯᠡᠬᠦ ᠳᠤᠷ᠎ᠠ ᠰᠣᠨᠢᠷᠬᠠᠯ ᠢ ᠬᠥᠭᠵᠢᠭᠡᠵᠦ᠂ ᠲᠡᠳᠡᠨ ᠤ ᠰᠡᠳᠬᠢᠨ ᠰᠦᠪᠡᠭᠴᠢᠯᠡᠬᠦ ᠴᠢᠨᠠᠷᠲᠠᠢ᠂ | ᠰᠢᠨ᠎ᠡ ᠶᠢ ᠡᠭᠦᠳᠬᠦ ᠴᠢᠨᠠᠷᠲᠠᠢ ᠰᠡᠳᠬᠢᠬᠦᠢ ᠶᠢᠨ ᠬᠡᠪ ᠴᠢᠨᠠᠷ ᠢ ᠬᠥᠮᠥᠵᠢᠭᠦᠯᠦᠨ᠎ᠡ᠃ ᠨᠡᠶᠢᠭᠡᠮ ᠳᠠᠶᠠᠭᠠᠷ ᠲᠤ ᠰᠢᠨᠵᠢᠯᠡᠬᠦ | ᠤᠬᠠᠭᠠᠨᠴᠢ ᠴᠢᠳᠠᠪᠤᠷᠢᠲᠠᠨ ᠤ ᠦᠵᠡᠯᠲᠡ᠂ ᠴᠢᠳᠠᠪᠤᠷᠢᠲᠠᠨ ᠪᠤᠯᠬᠤ ᠦᠵᠡᠯᠲᠡ᠂ ᠰᠤᠷᠭᠠᠨ ᠬᠥᠮᠦᠵᠢᠯ ᠤᠨ ᠦᠵᠡᠯᠲᠡ ᠶᠢ | ᠪᠤᠢ ᠪᠤᠯᠭᠠᠵᠤ᠂ ᠰᠤᠷᠭᠠᠨ ᠬᠥᠮᠦᠵᠢᠯ ᠤᠨ ᠠᠰᠢᠭ ᠬᠠᠷᠠᠬᠤ ᠬᠡᠯᠪᠡᠷᠢᠯ ᠢ ᠲᠦᠷᠭᠡᠪᠴᠢᠯᠡᠨ ᠬᠤᠪᠢᠷᠠᠭᠤᠯᠵᠤ᠂ ᠰᠤᠷᠭᠠᠨ | ᠬᠥᠮᠦᠵᠢᠯ ᠤᠨ ᠡᠷᠡᠭᠦᠯ ᠰᠠᠷᠠᠭᠤᠯ ᠣᠷᠴᠢᠨ ᠨᠥᠬᠦᠴᠡᠯ ᠪᠠ ᠠᠮᠢ ᠠᠬᠤᠢ ᠶᠢ ᠪᠤᠢ ᠪᠤᠯᠭᠠᠬᠤ ᠬᠡᠷᠡᠭᠲᠡᠢ᠃ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠳᠠᠭᠠᠭᠤᠯᠤᠭᠴᠢ ᠨᠢ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠪᠣᠯᠣᠨ᠎ᠠ᠃ ᠳᠤᠮᠳᠠᠳᠤ ᠤᠯᠤᠰ ᠤᠨ ᠣᠨᠴᠠᠯᠢᠭ ᠲᠠᠢ᠂ ᠳᠡᠯᠡᠬᠡᠢ ᠶᠢᠨ ᠲᠡᠷᠢᠭᠦᠨ ᠵᠡᠷᠭᠡ ᠶᠢᠨ ᠶᠡᠭᠡ ᠰᠤᠷᠭᠠᠭᠤᠯᠢ | ᠪᠠ ᠳᠠᠪᠠᠭᠤᠯᠢᠭ ᠰᠢᠨᠵᠢᠯᠡᠭᠡᠨ ᠤ ᠰᠠᠯᠠᠭ᠎ᠠ ᠶᠢ ᠲᠦᠷᠭᠡᠳᠬᠡᠨ ᠪᠠᠶᠢᠭᠤᠯᠬᠤ ᠶᠢ ᠴᠢᠬᠤᠯᠠ ᠠᠴᠠ ᠴᠢᠬᠤᠯᠠ ᠵᠦᠢᠯ ᠪᠤᠯᠭᠠᠵᠤ᠂ | ᠰᠠᠭᠤᠷᠢ ᠰᠢᠨᠵᠢᠯᠡᠭᠡᠨ ᠤ ᠰᠠᠯᠠᠭ᠎ᠠ᠂ ᠰᠢᠨ᠎ᠡ ᠪᠠᠷ ᠬᠥᠭᠵᠢᠭᠰᠡᠨ ᠰᠢᠨᠵᠢᠯᠡᠭᠡᠨ ᠤ ᠰᠠᠯᠠᠭ᠎ᠠ᠂ ᠰᠣᠯᠪᠢᠴᠠᠭᠰᠠᠨ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠨ᠂ ᠳᠡᠯᠡᠬᠡᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ | ᠬᠤᠰᠢᠭᠤᠷᠠᠯ ᠪᠠ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠴᠢᠭᠯᠡᠭᠦᠯᠦᠨ ᠰᠢᠨᠵᠢᠯᠡᠬᠦ | ᠤᠬᠠᠭᠠᠨ ᠤ ᠰᠤᠳᠤᠯᠭᠠᠨ ᠤ ᠰᠢᠨ᠎ᠡ ᠡᠭᠦᠳᠦᠯᠲᠡ ᠶᠢ ᠠᠬᠢᠭᠤᠯᠵᠤ᠂ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠪᠠ | ᠴᠢᠳᠠᠪᠤᠷᠢᠲᠠᠨ ᠢ ᠬᠥᠮᠥᠵᠢᠭᠦᠯᠬᠦ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠪᠦᠭᠦ ᠠᠷᠠᠳ ᠢᠶᠠᠷ ᠢᠶᠠᠨ | ᠨᠠᠰᠤᠨ ᠲᠤᠷᠰᠢᠲᠠ ᠰᠤᠷᠤᠯᠴᠠᠬᠤ ᠰᠤᠷᠤᠯᠴᠠᠬᠤ ᠭᠡᠯᠪᠡᠷᠢ ᠶᠢᠨ ᠨᠡᠶᠢᠭᠡᠮ᠂ ᠰᠤᠷᠤᠯᠴᠠᠬᠤ ᠭᠡᠯᠪᠡᠷᠢ ᠶᠢᠨ ᠲᠣᠮᠣ ᠤᠯᠤᠰ ᠢ | ᠪᠦᠲᠦᠭᠡᠨ ᠪᠠᠶᠢᠭᠤᠯᠵᠤ᠂ ᠬᠥᠮᠥᠨ ᠪᠦᠭᠦᠨ ᠰᠤᠷᠤᠯᠴᠠᠬᠤ᠂ ᠭᠠᠵᠠᠷ ᠪᠣᠯᠭᠠᠨ ᠳᠤ ᠰᠤᠷᠤᠯᠴᠠᠵᠤ ᠳᠡᠶᠢᠯᠭᠦ᠂ ᠴᠠᠭ ᠢᠮᠠᠭᠲᠠ | ᠰᠤᠷᠤᠯᠴᠠᠵᠤ ᠪᠤᠯᠬᠤ ᠶᠢ ᠠᠬᠢᠭᠤᠯᠵᠤ᠂ ᠠᠷᠠᠳ ᠢᠷᠭᠡᠳ ᠤᠨ ᠰᠤᠷᠭᠠᠨ ᠬᠥᠮᠦᠵᠢᠯ ᠭᠦᠷᠲᠡᠭᠦ ᠬᠡᠮᠵᠢᠶ᠎ᠡ ᠶᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠦᠪᠰᠢᠨ ᠢ ᠪᠦᠭᠦ ᠲᠠᠯ᠎ᠠ ᠪᠠᠷ | ᠳᠡᠭᠡᠭᠰᠢᠯᠡᠭᠦᠯᠵᠦ᠂ ᠬᠥᠮᠥᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠡᠭᠦᠷᠭᠡ ᠪᠤᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ | ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠳᠤ ᠳᠣᠲᠣᠭᠠᠳᠤ ᠨᠢᠭᠡᠳᠦᠯᠲᠦ ᠴᠢᠨᠠᠷ ᠪᠠ ᠬᠠᠷᠢᠯᠴᠠᠨ ᠲᠤᠯᠭᠠᠭᠤᠷᠢᠯᠠᠬᠤ ᠴᠢᠨᠠᠷ ᠲᠠᠢ ᠪᠠᠶᠢᠳᠠᠭ᠂ | ᠡᠨᠡ ᠭᠤᠷᠪᠠ ᠶᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠪᠢ ᠳᠠᠭᠢᠨ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃ | ᠰᠢᠨᠵᠢᠯᠡᠬᠦ ᠤᠬᠠᠭᠠᠨ ᠤ ᠰᠤᠷᠭᠠᠨ ᠬᠥᠮᠦᠵᠢᠯ᠂ ᠢᠨᠵᠧᠨᠧᠷᠢᠩ ᠤᠨ ᠰᠤᠷᠭᠠᠨ ᠬᠥᠮᠦᠵᠢᠯ ᠢ ᠴᠢᠨᠠᠭᠰᠢᠳᠠ ᠴᠢᠩᠭᠠᠳᠬᠠᠵᠤ᠂ | ᠰᠢᠨ᠎ᠡ ᠶᠢ ᠡᠭᠦᠳᠬᠦ ᠣᠷᠦ᠋ᠢᠯᠠᠭᠰᠠᠨ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠶᠢ ᠴᠢᠩᠭᠠᠳᠬᠠᠵᠤ᠂ ᠮᠠᠨ ᠤ | ᠤᠯᠤᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤ ᠴᠢᠳᠠᠪᠤᠷᠢᠲᠠᠨ ᠤ ᠲᠤᠯᠭᠠᠭᠤᠷᠢᠯᠠᠯ | ᠬᠠᠩᠭᠠᠬᠤ ᠬᠡᠷᠡᠭᠲᠡᠢ᠃ ᠮᠠᠨ ᠤ ᠤᠯᠤᠰ ᠤᠨ ᠡᠯ᠎ᠡ ᠲᠠᠯ᠎ᠠ ᠶᠢᠨ ᠴᠢᠳᠠᠪᠤᠷᠢᠲᠠᠨ ᠤ ᠬᠥᠭᠵᠢᠯᠲᠡ ᠶᠢᠨ ᠬᠠᠨᠳᠤᠰᠢ ᠵᠢᠴᠢ | ᠳᠤᠲᠠᠭᠤᠳᠠᠯ ᠤᠨ ᠪᠠᠶᠢᠳᠠᠯ ᠢ ᠰᠢᠰᠲ᠋ᠧᠮ ᠲᠠᠢ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ | ᠪᠠᠶᠢᠳᠠᠯ ᠢ ᠦᠨᠳᠦᠰᠦᠯᠡᠨ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢ | ᠬᠥᠳᠡᠯᠦᠩᠭᠦᠢ ᠪᠠᠷ ᠲᠣᠬᠢᠷᠠᠭᠤᠯᠤᠨ ᠰᠢᠯᠢᠳᠡᠭᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠪᠠ | ᠪᠠᠴᠢᠮ ᠬᠡᠷᠡᠭᠴᠡᠭᠡ ᠲᠠᠢ ᠲᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠠᠷᠠᠯᠲᠠ ᠲᠠᠢ ᠪᠠᠷ ᠬᠥᠮᠥᠵᠢᠭᠦᠯᠵᠦ᠂ ᠰᠤᠷᠭᠠᠨ ᠬᠥᠮᠦᠵᠢᠯ | ᠠᠴᠠ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠭᠦ ᠲᠤᠯᠭᠠᠭᠤᠷᠢᠯᠠᠬᠤ ᠬᠦᠴᠦᠨ ᠪᠠ ᠬᠤᠪᠢ ᠨᠡᠮᠡᠷᠢ ᠦᠵᠡᠭᠦᠯᠭᠦ ᠬᠦᠴᠦᠨ | ᠢ ᠳᠡᠭᠡᠭᠰᠢᠯᠡᠭᠦᠯᠭᠦ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ | ᠦᠷᠭᠦᠯᠵᠢᠯᠡᠯ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ | ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠤᠶᠠᠯᠳᠤᠭᠤᠯᠬᠤ᠂ | ᠰᠢᠨᠵᠢᠯᠡᠬᠦ ᠤᠬᠠᠭᠠᠨ ᠪᠠ ᠰᠤᠷᠭᠠᠨ ᠬᠥᠮᠦᠵᠢᠯ ᠢ ᠬᠠᠮᠵᠢᠯᠴᠠᠭᠤᠯᠬᠤ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ | ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ᠂ ᠶᠡᠭᠡ ᠤᠯᠤᠰ ᠤᠨ ᠤᠷᠠᠨ ᠳᠠᠷᠬᠠᠨ᠂ ᠮᠡᠷᠭᠡᠰᠢᠭᠰᠡᠨ ᠳᠠᠷᠬᠠᠨ ᠢ | ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ | ᠪᠤᠯᠬᠤ ᠨᠢ ᠰᠢᠰᠲ᠋ᠧᠮᠲᠦ ᠴᠢᠨᠠᠷᠲᠠᠢ ᠳᠠᠪᠠᠯᠲᠠ ᠪᠠ ᠴᠢᠨᠠᠷ ᠤᠨ ᠬᠤᠪᠢᠷᠠᠯᠲᠠ ᠪᠠᠶᠢᠵᠤ᠂ ᠡᠷᠬᠡᠪᠰᠢ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠬᠥᠮᠥᠨ | ᠬᠥᠮᠥᠵᠢᠭᠦᠯᠬᠦ ᠭᠡᠯᠪᠡᠷᠢ᠂ ᠰᠤᠷᠭᠠᠭᠤᠯᠢ ᠡᠷᠭᠢᠯᠡᠭᠦ ᠵᠠᠭᠪᠤᠷ᠂ ᠬᠠᠮᠢᠶᠠᠷᠤᠯᠲᠠ ᠶᠢᠨ ᠪᠠᠶᠢᠭᠤᠯᠤᠮᠵᠢ᠂ ᠪᠠᠲᠤᠯᠠᠭ᠎ᠠ ᠶᠢᠨ | ᠲᠣᠭᠲᠠᠴᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠯᠢᠪᠠ ᠦᠵᠡᠯ ᠰᠠᠨᠠᠭ᠎ᠠ ᠣᠶᠢᠯᠠᠭᠠᠭᠳᠠᠬᠤᠨ ᠤ ᠬᠦᠯᠢᠶᠡᠰᠦᠯᠡᠯ ᠪᠣᠯᠣᠨ | ᠪᠠᠶᠢᠭᠤᠯᠤᠮᠵᠢ ᠲᠣᠭᠲᠠᠴᠠ ᠶᠢᠨ ᠭᠡᠮ ᠠᠷᠬᠠᠭ ᠢ ᠡᠷᠡᠰ ᠠᠷᠢᠯᠭᠠᠵᠤ᠂ ᠰᠤᠷᠭᠠᠨ ᠬᠥᠮᠦᠵᠢᠯ ᠤᠨ ᠵᠠᠰᠠᠯᠲᠠ ᠶᠢᠨ ᠰᠢᠰᠲ᠋ᠧᠮ | ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ | ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠬᠤ ᠶᠢ ᠰᠤᠷᠭᠠᠨ ᠬᠥᠮᠦᠵᠢᠯ ᠤᠨ ᠬᠦᠷᠢᠶᠡᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠲᠠᠯ᠎ᠠ ᠡᠯ᠎ᠡ ᠭᠤᠭᠴᠤᠭ᠎ᠠ ᠳᠤ ᠠᠭᠤᠰᠬᠠᠵᠤ᠂ ᠰᠤᠷᠭᠠᠨ | ᠬᠥᠮᠦᠵᠢᠯ ᠤᠨ ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ᠂ ᠬᠥᠮᠥᠰ ᠤᠨ ᠬᠤᠭᠤᠷᠤᠨᠳᠤᠭᠢ ᠵᠥᠷᠢᠶ᠎ᠡ ᠶᠢ | ᠪᠠᠭᠠᠰᠬᠠᠵᠤ᠂ ᠬᠡᠦᠬᠡᠳ ᠨᠢᠭᠡᠪᠦᠷᠢ ᠳᠤ ᠡᠷᠬᠡ ᠲᠡᠭᠰᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠪᠠᠷ | ᠴᠢᠷᠮᠠᠶᠢᠵᠤ᠂ ᠤᠯᠠᠨ ᠲᠦᠮᠡᠨ ᠤ ︽ᠰᠤᠷᠭᠠᠭᠤᠯᠢ ᠳᠤ ᠰᠠᠭᠤᠬᠤ︾ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ | ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ | ᠡᠰᠢᠲᠦ ᠭᠤᠣᠯ ᠴᠣᠭᠴᠠ ᠶᠢᠨ ᠣᠷᠣᠯᠴᠠᠬᠰᠠᠨ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ | ᠳᠡᠯᠡᠬᠡᠢ ᠶᠢᠨ ᠲᠦᠪᠰᠢᠨ ᠪᠦᠬᠦᠢ ᠰᠤᠷᠭᠠᠨ ᠬᠥᠮᠦᠵᠢᠯ ᠤᠨ ᠦᠨᠡᠯᠡᠯᠲᠡ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠢᠭᠠᠬᠤ | ᠮᠠᠲ᠋ᠧᠷᠢᠶᠠᠯ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠵᠥᠪ ᠤᠯᠤᠰ ᠲᠦᠷᠦ ᠶᠢᠨ ᠴᠢᠭᠯᠡᠯ ᠪᠠ | ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ᠂ ᠦᠨᠳᠦᠰᠦ ᠶᠢ ᠪᠤᠶᠢᠵᠢᠭᠤᠯᠵᠤ ᠰᠦᠭ ᠰᠦᠨᠡᠰᠦ ᠶᠢ ᠱᠤᠭᠤᠬᠤ᠂ | ᠤᠶᠤᠨ ᠤᠬᠠᠭᠠᠨ ᠢ ᠰᠡᠩᠬᠡᠷᠡᠭᠦᠯᠦᠨ ᠨᠡᠮᠡᠭᠳᠡᠭᠦᠯᠬᠦ ᠰᠣᠳᠣᠨ ᠵᠢᠭᠠᠬᠤ ᠮᠠᠲ᠋ᠧᠷᠢᠶᠠᠯ ᠢ ᠰᠡᠳᠬᠢᠯ ᠲᠠᠯᠪᠢᠨ ᠵᠣᠬᠢᠶᠠᠬᠤ ᠬᠡᠷᠡᠭᠲᠡᠢ ᠃ | ᠰᠤᠷᠭᠠᠨ ᠬᠥᠮᠦᠵᠢᠯ ᠤᠨ ᠲᠣᠭᠠᠴᠢᠯᠠᠯᠲᠠ ᠪᠣᠯ ᠮᠠᠨ ᠤ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ | ᠤᠷᠤᠯᠳᠤᠭᠠᠨ ᠤ ᠵᠠᠮ ᠢ ᠨᠡᠭᠡᠭᠡᠬᠦ ᠪᠠ ᠰᠤᠷᠭᠠᠨ ᠬᠥᠮᠦᠵᠢᠯ ᠤᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠬᠤ | ᠴᠢᠬᠤᠯᠠ ᠰᠢᠪᠲᠤᠯᠤᠯᠲᠠ ᠶᠢᠨ ᠴᠡᠭ ᠮᠥᠨ᠃ ᠲᠣᠭᠠᠴᠢᠯᠠᠭᠰᠠᠨ ᠰᠤᠷᠭᠠᠨ ᠬᠥᠮᠦᠵᠢᠯ ᠢ ᠴᠢᠨᠠᠭᠰᠢᠳᠠ ᠠᠬᠢᠭᠤᠯᠵᠤ᠂ | ᠥᠪᠡᠷᠮᠢᠴᠡ ᠣᠨᠴᠠᠯᠢᠭ ᠲᠠᠢ ᠰᠤᠷᠤᠯᠴᠠᠬᠤ᠂ ᠨᠠᠰᠤᠨ ᠲᠤᠷᠰᠢᠲᠠ ᠰᠤᠷᠤᠯᠴᠠᠬᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ | ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠪᠠ ᠰᠤᠷᠭᠠᠨ ᠬᠥᠮᠦᠵᠢᠯ ᠤᠨ ᠣᠳᠣᠬᠢᠴᠢᠯᠠᠯᠲᠠ ᠳᠤ ᠪᠦᠲᠦᠮᠵᠢᠲᠡᠶ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠤᠷᠭᠠᠨ ᠬᠥᠮᠦᠵᠢᠯ ᠤᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢᠨ ᠠᠷᠭ᠎ᠠ | ᠪᠣᠳᠣᠯᠭ᠎ᠠ ᠶᠢ ᠲᠡᠭᠦᠯᠳᠡᠷᠵᠢᠭᠦᠯᠵᠦ᠂ ︽ᠣᠷᠣᠭᠤᠯᠤᠨ ᠠᠪᠴᠢᠷᠠᠬᠤ︾ ᠪᠠ ︽ᠭᠠᠳᠠᠭᠰᠢ ᠭᠠᠷᠭᠠᠬᠤ︾ ᠬᠤᠶᠠᠷ ᠶᠡᠭᠡ | ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳᠡᠯᠡᠬᠡᠢ ᠶᠢᠨ ᠲᠡᠷᠢᠭᠦᠨ ᠤ ᠰᠤᠷᠭᠠᠨ ᠬᠥᠮᠦᠵᠢᠯ ᠤᠨ ᠡᠬᠢ | ᠪᠠᠶᠠᠯᠢᠭ ᠪᠣᠯᠣᠨ ᠰᠢᠨ᠎ᠡ ᠶᠢ ᠡᠭᠦᠳᠬᠦ ᠡᠯᠧᠮᠧᠨ᠋ᠲ ᠢ ᠪᠦᠲᠦᠮᠵᠢᠲᠡᠢ ᠠᠰᠢᠭᠯᠠᠵᠤ᠂ ᠮᠠᠨ ᠤ ᠤᠯᠤᠰ ᠢᠶᠠᠨ ᠬᠦᠴᠦᠷᠬᠡᠭ ᠶᠡᠭᠡ | ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠴᠢᠬᠤᠯᠠ ᠰᠤᠷᠭᠠᠨ ᠬᠥᠮᠦᠵᠢᠯ ᠤᠨ ᠲᠥᠪ ᠪᠤᠯᠭᠠᠬᠤ ᠬᠡᠷᠡᠭᠲᠡᠢ᠃ ᠪᠦᠭᠦ | ᠪᠥᠮᠪᠥᠷᠴᠡᠭ ᠤᠨ ᠰᠤᠷᠭᠠᠨ ᠬᠥᠮᠦᠵᠢᠯ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ︽ᠭᠠᠳᠠᠭᠠᠳᠤ ᠳᠤ ᠰᠤᠷᠤᠯᠴᠠᠬᠤ | ᠳᠤᠮᠳᠠᠳᠤ ᠤᠯᠤᠰ︾ ᠤᠨ ᠲᠦᠷᠦᠯ ᠲᠡᠮᠳᠡᠭ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠳᠤᠮᠳᠠᠳᠤ ᠤᠯᠤᠰ ᠤᠨ | ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠤᠯᠤᠰ ᠤᠨ ᠲᠤᠷᠰᠢᠯᠭ᠎ᠠ ᠶᠢ ᠳᠠᠮᠵᠢᠭᠤᠯᠵᠤ᠂ ᠳᠤᠮᠳᠠᠳᠤ ᠤᠯᠤᠰ ᠤᠨ | ᠳᠠᠭᠤᠨ ᠢ ᠳᠠᠭᠤᠷᠢᠰᠢᠭᠤᠯᠵᠤ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ | ᠪᠠ ᠦᠭᠡ ᠬᠡᠯᠡᠬᠦ ᠡᠷᠬᠡ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠪᠠᠭᠰᠢ ᠶᠢᠨ ᠡᠩᠨᠡᠭᠡ ᠶᠢ | ᠬᠦᠴᠦᠷᠬᠡᠭᠵᠢᠭᠦᠯᠬᠦ ᠬᠡᠷᠡᠭᠲᠡᠢ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠬᠠᠮᠤᠭ ᠤᠨ ᠴᠢᠬᠤᠯᠠ ᠰᠠᠭᠤᠷᠢ ᠠᠵᠢᠯ ᠪᠣᠯᠭᠠᠨ ᠠᠳᠬᠤᠵᠤ᠂ | ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠵᠦ᠂ ᠡᠷᠬᠢᠮ | ᠳᠡᠭᠡᠳᠦ ᠮᠣᠷᠠᠯ ᠲᠠᠢ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠵᠣᠬᠢᠰᠲᠠᠢ᠂ ᠠᠮᠢᠵᠢᠷᠠᠯ ᠤᠨ | ᠬᠦᠴᠦᠨ ᠢᠶᠠᠷ ᠪᠢᠯᠬᠠᠭᠰᠠᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠶᠡᠭᠡ ᠪᠠᠷ | ᠬᠥᠮᠥᠵᠢᠭᠦᠯᠬᠦ ᠬᠡᠷᠡᠭᠲᠡᠢ᠃ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ | ᠰᠤᠷᠲᠠᠯ ᠢ ᠪᠠᠳᠠᠷᠠᠭᠤᠯᠵᠤ᠂ ᠪᠠᠭᠰᠢ ᠶᠢᠨ ᠤᠯᠤᠰ ᠲᠦᠷᠦ ᠶᠢᠨ ᠪᠠᠶᠢᠷᠢ ᠰᠠᠭᠤᠷᠢ᠂ ᠨᠡᠶᠢᠭᠡᠮ ᠤᠨ ᠪᠠᠶᠢᠷᠢ ᠰᠠᠭᠤᠷᠢ᠂ ᠠᠵᠢᠯ | ᠮᠡᠷᠭᠡᠵᠢᠯ ᠤᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠪᠠᠭᠰᠢ ᠶᠢ ᠨᠡᠶᠢᠭᠡᠮ ᠤᠨ ᠬᠦᠨᠳᠦᠳᠬᠡᠯ ᠢ ᠬᠠᠮᠤᠭ ᠤᠨ ᠶᠡᠭᠡ | ᠣᠯᠣᠭᠰᠠᠨ ᠠᠵᠢᠯ ᠮᠡᠷᠭᠡᠵᠢᠯ ᠤᠨ ᠨᠢᠭᠡ ᠪᠤᠯᠭᠠᠵᠤ᠂ ᠰᠢᠯᠢᠳᠡᠭ ᠴᠢᠳᠠᠪᠤᠷᠢᠲᠠᠨ ᠤ ᠬᠠᠯᠠᠭᠤᠨ ᠰᠡᠳᠬᠢᠯ ᠢᠶᠠᠷ ᠪᠠᠭᠰᠢᠯᠠᠬᠤ᠂ | ᠨᠠᠷᠢᠨ ᠨᠢᠮᠪᠠᠢ ᠪᠠᠭᠰᠢᠯᠠᠬᠤ᠂ ᠤᠷᠳᠤ ᠬᠤᠭᠤᠴᠠᠭ᠎ᠠ ᠪᠠᠷ ᠪᠠᠭᠰᠢᠯᠠᠬᠤ᠂ ᠨᠠᠰᠤᠨ ᠲᠤᠷᠰᠢᠲᠠ ᠪᠠᠭᠰᠢᠯᠠᠬᠤ ᠶᠢ ᠳᠡᠮᠵᠢᠬᠦ ᠪᠠ | ᠲᠠᠲᠠᠬᠤ ᠬᠡᠷᠡᠭᠲᠡᠢ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠣᠯᠠᠨ | ᠪᠠᠭᠰᠢ ᠶᠢᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠶᠣᠰᠣ ᠰᠤᠷᠲᠠᠬᠤᠨ ᠦᠵᠡᠯ ᠰᠡᠳᠬᠢᠯᠭᠡ ᠪᠠᠨ | ᠪᠤᠯᠪᠠᠰᠤᠷᠠᠭᠤᠯᠵᠤ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠶᠢ ᠡᠵᠡᠮᠰᠢᠵᠦ᠂ ᠥᠷᠥᠰᠢᠶᠡᠯ ᠬᠠᠶᠢᠷ᠎ᠠ ᠶᠢᠨ ᠰᠡᠳᠬᠢᠯ ᠢᠶᠠᠨ | ᠦᠷᠭᠦᠯᠵᠢ ᠵᠠᠰᠠᠵᠤ᠂ ︽ᠰᠤᠷᠭᠠᠨ ᠬᠥᠮᠦᠵᠢᠯ ᠤᠨ ᠦᠢᠯᠡᠰ ᠲᠤ ᠬᠢᠴᠢᠶᠡᠩᠭᠦ᠋ᠢᠯᠡᠨ ᠵᠢᠳᠬᠦᠵᠦ᠂ ᠤᠯᠤᠰ ᠢᠶᠠᠨ | ᠬᠦᠴᠦᠷᠬᠡᠭᠵᠢᠭᠦᠯᠬᠦ ᠳᠤ ᠪᠢ ᠪᠠᠶᠢᠨ᠎ᠠ︾ ᠭᠡᠬᠦ ᠵᠣᠷᠢᠭ ᠪᠠ ᠬᠦᠰᠡᠯᠡᠩ ᠢ ᠪᠤᠢ ᠪᠤᠯᠭᠠᠵᠤ᠂ ᠭᠤᠷᠪᠠᠨ ᠲᠣᠬᠤᠢ ᠬᠢᠴᠢᠶᠡᠯ ᠤᠨ | ᠲᠠᠶᠢᠰᠠ ᠶᠢ ᠪᠠᠲᠤ ᠰᠠᠬᠢᠵᠤ᠂ ᠨᠢᠭᠡ ᠰᠡᠳᠬᠢᠯ ᠢᠶᠠᠷ ᠪᠢᠴᠢᠭ ᠵᠢᠭᠠᠵᠤ ᠬᠥᠮᠥᠨ ᠬᠥᠮᠥᠵᠢᠭᠦᠯᠬᠦ ᠶᠢ ᠬᠥᠲᠥᠯᠥᠨ ᠵᠢᠯᠤᠭᠤᠳᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠪᠣᠯ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠡᠭᠦᠷᠭᠡ ᠮᠥᠨ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠭᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠠᠮ ᠵᠠᠰᠠᠭ | ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ | ᠰᠤᠷᠭᠠᠨ ᠬᠥᠮᠦᠵᠢᠯ ᠤᠨ ᠤᠳᠤᠷᠢᠳᠬᠤ ᠪᠠᠶᠢᠭᠤᠯᠤᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠤᠷᠭᠠᠨ ᠬᠥᠮᠦᠵᠢᠯ ᠢ ᠤᠷᠢᠳ ᠢᠶᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ | ᠂ ᠵᠣᠬᠢᠶᠠᠨ ᠪᠠᠶᠢᠭᠤᠯᠵᠤ ᠤᠳᠤᠷᠢᠳᠬᠤ᠂ ᠬᠥᠭᠵᠢᠯᠲᠡ ᠶᠢᠨ ᠲᠥᠯᠦᠪᠵᠢᠭᠦᠯᠭᠡ᠂ ᠡᠬᠢ ᠪᠠᠶᠠᠯᠢᠭ ᠤᠨ ᠪᠠᠲᠤᠯᠠᠭ᠎ᠠ᠂ | ᠵᠠᠷᠤᠳᠠᠯ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠤᠷᠭᠠᠭᠤᠯᠢ᠂ ᠭᠡᠷ ᠪᠦᠯᠢ᠂ ᠨᠡᠶᠢᠭᠡᠮ | ᠨᠢᠭᠲᠠ ᠬᠠᠮᠲᠤᠷᠠᠯᠴᠠᠵᠤ᠂ ᠠᠳᠠᠯᠢ ᠴᠢᠭᠯᠡᠯ ᠢᠶᠠᠷ ᠬᠦᠴᠦᠯᠡᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ | ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠦᠢᠯᠡᠰ ᠢ ᠬᠠᠮᠲᠤ ᠪᠠᠷ | ᠰᠠᠶᠢᠲᠤᠷ ᠡᠷᠭᠢᠯᠡᠭᠦ ᠬᠡᠷᠡᠭᠲᠡᠢ᠃ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢᠲᠡᠭᠡᠯ ᠵᠣᠷᠢᠭ ᠢᠶᠠᠨ ᠪᠠᠲᠤᠳᠬᠠᠨ᠂ | ᠤᠳᠠᠭᠠᠨ ᠳᠠᠭᠠᠭᠠᠮᠠᠭᠠᠢ ᠵᠢᠳᠬᠦᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠠᠷᠠᠯᠲᠠ ᠶᠢ ᠡᠷᠲᠡᠬᠡᠨ | ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 29 ᠤ ᠴᠠᠭᠢᠯᠭᠠᠨ ᠮᠡᠳᠡᠭᠡ︶ |