︽ᠲᠤᠷᠭᠠᠨ ᠵᠤᠳᠤᠭ︾ ᠮᠤᠩᠭᠤᠯ ᠪᠦᠬᠡ ᠶᠢᠨ ᠺᠯᠦ᠋ᠪ ᠤᠨ2023 ᠤᠨ ᠤ ᠰᠢᠷᠢᠰ ᠪᠠᠷᠢᠯᠳᠤᠭᠠᠨ ᠤ ᠲᠠᠪᠤᠳᠤᠭᠠᠷ ᠲᠠᠯᠠᠪᠤᠷ ᠪᠠᠷᠢᠯᠳᠤᠭᠠᠨ ᠮᠠᠨᠳᠤᠯ ᠳᠤ ᠶᠠᠪᠤᠭᠳᠠᠯ᠎ᠠ
ᠨᠡᠶᠢᠲᠡᠯᠡᠭᠰᠡᠨ ᠴᠠᠭ᠄
2023/6/12
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠲᠤᠷᠭᠠᠨ ᠵᠤᠳᠤᠭ︾ ᠮᠤᠩᠭᠤᠯ ᠪᠦᠬᠡ ᠶᠢᠨ ᠺᠯᠦ᠋ᠪ  ᠤᠨ2023 ᠤᠨ ᠤ ᠰᠢᠷᠢᠰ ᠪᠠᠷᠢᠯᠳᠤᠭᠠᠨ ᠤ ᠲᠠᠪᠤᠳᠤᠭᠠᠷ ᠲᠠᠯᠠᠪᠤᠷ ᠪᠠᠷᠢᠳᠤᠭᠠᠨ ᠢ ᠮᠠᠨᠳᠤᠯ ᠪᠠᠯᠭᠠᠰᠤᠨ ᠤ ᠡᠷᠳᠡᠨᠢᠠᠤᠪᠤᠭ᠎ᠠ ᠭᠠᠴᠠᠭᠠᠨ ᠤ ᠮᠠᠯᠴᠢᠨ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠠᠯᠠᠭᠤ ᠵᠠᠩᠭᠢᠶᠠᠳᠦ ᠪᠦᠬᠡ ᠡᠷᠳᠡᠨᠢᠵᠢᠷᠭᠠᠯ ᠲᠠᠭᠠᠴᠢᠯᠠᠨ᠂6 ᠰᠠᠷ᠎ᠠ ᠶᠢᠨ11 ᠤ ᠡᠳᠦᠷ᠂ ᠮᠠᠨᠳᠤᠯ ᠪᠠᠯᠭᠠᠰᠤᠨ ᠤ ᠨᠠᠭᠠᠳᠤᠮ ᠤᠨ ᠬᠤᠷᠠᠯ  ᠤᠨ ᠲᠠᠯᠠᠪᠠᠢ ᠳᠤ ᠶᠠᠪᠤᠭᠳᠠᠭᠤᠯᠪᠠ᠃      ᠲᠠᠷᠬᠠᠨ ᠮᠤᠤᠮᠢᠩᠭᠠᠨ ᠨᠤᠳᠤᠭ ᠤᠨ ᠢᠶᠠᠨ ᠮᠤᠩᠭᠤᠯ ᠪᠦᠬᠡ ᠶᠢᠨ ᠦᠢᠯᠡᠰ ᠢ ᠵᠠᠯᠭᠠᠮᠵᠢᠯᠠᠨ ᠬᠦᠭᠵᠢᠭᠦᠯᠵᠦ᠂ ᠵᠠᠯᠠᠭᠤ ᠨᠢᠭᠡ ᠦᠶ᠎ᠡ ᠶᠢᠨ ᠪᠦᠬᠡᠴᠣᠳ ᠤᠨ ᠢᠶᠠᠨ ᠤᠷᠮ᠎ᠠ ᠵᠤᠷᠢᠭ ᠢ ᠲᠠᠶᠢᠴᠢᠯᠠᠵᠦ ᠤᠷ᠎ᠠ ᠮᠡᠷᠭᠡᠵᠢᠯ ᠢ ᠨᠢ ᠲᠡᠭᠡᠭᠰᠢᠯᠡᠭᠦᠯᠬᠦ ᠵᠤᠷᠢᠯᠭ᠎ᠠ ᠪᠠᠷ ᠡᠷᠬᠢᠯᠡᠨ ᠶᠠᠪᠤᠭᠳᠠᠭᠤᠯᠵᠦ ᠪᠠᠶᠢᠭ᠎ᠠ ᠡᠨᠡᠬᠦ ᠰᠢᠷᠢᠰ ᠪᠠᠷᠢᠯᠳᠤᠭᠠᠨ ᠨᠢ2023 ᠤᠨ  ᠤ2 ᠰᠠᠷ᠎ᠠ ᠳᠤ ᠠᠩᠬᠠᠳᠤᠭᠠᠷ ᠲᠠᠯᠠᠪᠠᠢ ᠤᠷᠤᠯᠳᠤᠭᠠᠨ ᠢᠶᠠᠨ ᠡᠷᠬᠢᠯᠡᠨ ᠶᠠᠪᠤᠭᠳᠠᠭᠤᠯᠤᠭᠰᠨ ᠠᠴᠠ ᠬᠤᠶᠢᠰᠢ ᠤᠳᠤ ᠪᠤᠯᠬᠤ ᠳᠤ ᠠᠮᠵᠢᠯᠳᠠ ᠲᠠᠢ ᠪᠠᠷ ᠲᠠᠪᠤᠨ ᠲᠠᠯᠠᠪᠤᠷ ᠪᠠᠷᠢᠯᠳᠤᠭᠠᠨ ᠢ ᠶᠠᠪᠤᠭᠳᠠᠭᠤᠯᠤᠭᠰᠠᠨ ᠪᠠᠶᠢᠨ᠎ᠠ᠃      ᠲᠤᠰ ᠣᠳᠠᠭᠠᠨ ᠤ ᠪᠠᠷᠢᠯᠳᠤᠭᠠᠨ ᠳᠤ ᠪᠦᠬᠦᠯᠢ8 ᠠᠴᠠ ᠪᠦᠬᠦᠯᠢ12 ᠨᠠᠰᠤᠨ ᠤ ᠬᠡᠥᠬᠡᠳ ᠤᠨ ᠪᠦᠬᠡ ᠶᠢᠨ ᠪᠠᠷᠢᠯᠳᠤᠭᠠᠨ᠂13 ᠪᠦᠬᠦᠯᠢ ᠪᠦᠬᠦᠯᠢ16 ᠨᠠᠰᠤᠨ ᠤ ᠦᠰᠪᠦᠷᠢ ᠶᠢᠨ ᠪᠦᠬᠡ ᠶᠢᠨ ᠪᠠᠷᠢᠯᠳᠤᠭᠠᠨ ᠪᠠ32 ᠲᠤᠮᠤᠴᠣᠤᠯ ᠤᠨ ᠪᠦᠬᠡ ᠶᠢᠨ ᠪᠠᠷᠢᠯᠳᠤᠭᠠᠨ᠂ ᠡᠯ᠎ᠡ ᠰᠤᠮᠤ ᠪᠠᠯᠭᠠᠰᠤ ᠪᠠᠷ ᠨᠢᠭᠡᠴᠡᠯᠡᠭᠰᠡᠨ ᠨᠢᠭᠡᠴᠡ ᠶᠢᠨ ᠪᠠᠷᠢᠯᠳᠤᠭᠠᠨ ᠶᠠᠪᠤᠭᠳᠠᠵᠦ᠂ ᠲᠤᠮᠤᠴᠤᠤᠯ ᠤᠨ ᠪᠦᠬᠡ ᠳᠤ ᠪᠠᠶ᠋ᠬᠠᠠᠤᠸᠠ ᠪᠠᠯᠭᠠᠰᠤᠨ ᠤ ᠲᠤᠷᠠᠰᠬᠠᠯ ᠲᠡᠷᠢᠭᠦᠯᠡᠵᠦ᠂ ᠴᠠᠭᠠᠨᠬᠠᠳᠠ ᠰᠤᠮᠤᠨ ᠤ ᠪᠠᠳᠮᠠᠬᠦᠦ ᠲᠡᠳ᠋ᠯᠡᠵᠦ᠂ ᠪᠠᠶ᠋ᠬᠠᠠᠤᠸᠠ ᠪᠠᠯᠭᠠᠰᠤᠨ ᠤ ᠡᠩᠬᠡᠪᠠᠶᠠᠷ ᠭᠤᠷᠪᠠ ᠳᠤ᠂ ᠮᠠᠨᠳᠤᠯ ᠪᠠᠯᠭᠠᠰᠤᠨ ᠤᠨ ᠡᠷᠳᠡᠨᠢᠵᠢᠷᠭᠠᠯ ᠲᠦᠷᠪᠡ ᠳᠤ ᠲᠤᠳᠤᠷᠠᠭᠰᠠᠨ ᠪᠠᠶᠢᠨ᠎ᠠ᠃ ᠡᠯ᠎ᠡ ᠰᠤᠮᠤ ᠪᠠᠯᠭᠠᠰᠤ ᠪᠠᠷ ᠨᠢᠭᠡᠴᠡᠯᠡᠭᠰᠡᠨ ᠨᠢᠭᠡᠴᠡ ᠶᠢᠨ ᠪᠠᠷᠢᠯᠳᠤᠭᠠᠨ ᠳᠤ ᠪᠠᠶ᠋ᠬᠠᠠᠤᠸᠠ ᠪᠠᠯᠭᠠᠰᠤ ᠲᠡᠷᠢᠭᠦᠯᠡᠵᠦ᠂ ᠮᠠᠨᠳᠤᠯ ᠪᠠᠯᠭᠠᠰᠤ ᠲᠡᠳ᠋ᠯᠡᠵᠦ᠂ ᠴᠠᠭᠠᠨᠬᠠᠳᠠ ᠰᠤᠮᠤ᠂ ᠮᠢᠩᠭᠠᠨ ᠪᠠᠯᠭᠠᠰᠤ ᠲᠤᠰ ᠲᠤᠰ ᠭᠤᠷᠪᠠ ᠲᠦᠷᠪᠡ ᠳᠤ ᠲᠤᠳᠤᠷᠠᠪᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号