ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠶ᠋ᠬᠠᠤᠪᠤᠭ᠎ᠠ ᠰᠤᠮᠤᠨ ᠤ ᠱᠢ ᠢᠦᠢ ᠯᠢᠩ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/6/15
      ᠲᠠᠷᠬᠠᠨ ᠮᠤᠤᠮᠢᠩᠭᠠᠨ ᠬᠤᠯᠪᠤᠭᠠᠳᠦ ᠬᠰᠢᠭᠤᠨ ᠤ ᠪᠠᠶ᠋ᠬᠠᠤᠪᠤᠭ᠎ᠠ ᠰᠤᠮᠤᠨ ᠤ ᠱᠢ ᠢᠦᠢ ᠯᠢᠩ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠨᠦᠢ2020 ᠤᠨ ᠳᠤ ᠪᠠᠶᠢᠭᠤᠯᠤᠭᠳᠠᠵᠦ᠂1300 ᠲᠡᠭᠰᠢ ᠲᠦᠷᠪᠡᠯᠵᠢᠨ ᠮᠧᠲᠷ  ᠤᠨ ᠬᠠᠰᠢᠶ᠎ᠠ ᠰᠠᠷᠠᠪᠴᠢ᠂300 ᠲᠡᠭᠰᠢ ᠲᠦᠷᠪᠡᠯᠵᠢᠨ ᠮᠧᠲᠷ ᠤᠨ ᠡᠪᠡᠰᠦ ᠬᠠᠳᠠᠭᠠᠯᠠᠬᠤ ᠰᠠᠷᠠᠪᠴᠢ᠂500 ᠲᠤᠨ ᠨᠤᠭᠤᠭᠠᠨ ᠲᠠᠷᠤᠰᠢᠭᠤᠯᠬᠤ ᠵᠤᠭᠤᠷᠢ᠂70 ᠮᠤ᠋ ᠲᠠᠷᠢᠶᠠᠨ ᠭᠠᠵᠠᠷ᠂ ᠲᠠᠷᠢᠶᠠᠯᠠᠩ ᠳᠤ ᠬᠡᠷᠡᠭᠯᠡᠬᠦ ᠠᠴᠢᠶᠠᠨ ᠤ ᠮᠠᠰᠢᠨ᠂ ᠲᠷᠠᠺᠲ᠋ᠤᠷ᠂ ᠪᠤᠷᠳᠤᠭ᠎ᠠ ᠵᠢᠭᠤᠷᠠᠬᠤ ᠮᠠᠰᠢᠨ᠂ ᠪᠤᠷᠳᠤᠭ᠎ᠠ ᠬᠡᠮᠬᠡᠯᠬᠦ ᠮᠠᠰᠢᠨ᠂ ᠪᠤᠷᠳᠤᠭ᠎ᠠ ᠵᠦᠬᠡᠬᠡᠭᠦ ᠲᠡᠷᠭᠡ᠂ ᠡᠪᠡᠰᠦ ᠪᠤᠷᠳᠤᠭ᠎ᠠ ᠲᠠᠮᠵᠢᠭᠤᠯᠬᠤ ᠪᠦᠰᠡ ᠵᠡᠷᠭᠡ ᠮᠠᠰᠢᠨ ᠲᠦᠬᠦᠭᠡᠷᠦᠮᠵᠢ ᠶᠢ ᠪᠦᠷᠢᠨᠰᠢᠭᠦᠯᠵᠦ᠂ ᠨᠠᠶᠢᠳᠠ300 ᠲᠦᠮᠡᠨ ᠲᠦᠭᠦᠷᠢᠭ ᠤᠨ ᠪᠡᠯᠡ ᠤᠷᠤᠭᠤᠯᠵᠠᠢ᠃ ᠤᠳᠤ500 ᠬᠤᠨᠢ᠂130 ᠰᠢᠮᠧᠨ᠋ᠳᠡᠷ ᠦᠬᠡᠷ᠂20 ᠠᠳᠣᠭᠤ ᠲᠡᠵᠢᠭᠡᠵᠦ ᠪᠤᠢ᠃
微信图片_20230615153502.png
      ᠪᠠᠶ᠋ᠬᠠᠤᠪᠤᠭ᠎ᠠ ᠰᠤᠮᠤᠨ ᠤ ᠱᠢ ᠢᠦᠢ ᠯᠢᠩ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠨᠢ ᠲᠠᠷᠢᠵᠦ ᠲᠡᠵᠢᠭᠡᠬᠦ ᠶᠢ ᠤᠶᠠᠯᠳᠤᠭᠤᠯᠤᠨ ᠬᠡᠷᠡᠭᠵᠢᠭᠦᠯᠵᠦ᠂ ᠠᠵᠦ ᠦᠢᠯᠡᠰ ᠤᠨ ᠬᠡᠯᠬᠢᠶ᠎ᠡ ᠶᠢ ᠪᠤᠢ ᠪᠤᠯᠭᠠᠨ᠂ ᠲᠡᠵᠢᠭᠡᠨ ᠦᠷᠡᠵᠢᠭᠦᠯᠬᠦ ᠠᠴᠠ ᠪᠤᠢ ᠪᠤᠯᠤᠭᠰᠠᠨ ᠤᠷᠭᠠᠨᠢᠭ ᠪᠤᠷᠳᠤᠭᠤᠷ ᠢ ᠠᠰᠢᠭᠯᠠᠨ ᠲᠠᠷᠢᠵᠦ᠂ ᠠᠮᠢ ᠠᠬᠤᠢ ᠶᠢᠨ ᠪᠤᠬᠢᠷᠳᠤᠯ ᠦᠭᠡᠢ ᠢᠳᠡᠭᠡᠨ ᠤ ᠠᠵᠦ ᠦᠢᠯᠡᠰ ᠢ ᠪᠤᠢ ᠪᠤᠯᠭᠠᠬᠤ ᠶᠢᠨ ᠬᠠᠮᠳᠦ ᠲᠠᠷᠢᠮᠠᠯ ᠤᠨ ᠡᠰᠢ ᠪᠠᠷ ᠨᠤᠭᠤᠭᠠᠨ ᠪᠤᠷᠳᠤᠭ᠎ᠠ ᠬᠢᠵᠦ᠂ ᠲᠠᠷᠢᠵᠦ ᠲᠡᠵᠢᠭᠡᠬᠦ ᠶᠢ ᠤᠶᠠᠯᠳᠤᠭᠤᠯᠤᠭᠰᠠᠨ ᠤᠳᠤᠬᠢᠴᠢᠯᠠᠭᠰᠠᠨ ᠲᠡᠵᠢᠬᠡᠨ ᠦᠷᠡᠵᠢᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ ᠪᠤᠯᠤᠨ᠎ᠠ᠃      ᠲᠠᠷᠠᠭᠠᠴᠢ ᠶᠢᠨ ᠠᠯᠬᠤᠮ ᠳᠤ᠂ ᠪᠠᠶ᠋ᠬᠠᠤᠪᠤᠭ᠎ᠠ ᠰᠣᠮᠤᠨ ᠤ ᠱᠢ ᠢᠦᠢ ᠯᠢᠩ ᠤᠨ ᠭᠡᠷ ᠪᠦᠯᠢ ᠶᠢᠨ ᠮᠠᠯᠵᠢᠯ  ᠤᠨ ᠲᠠᠯᠠᠪᠠᠢ ᠨᠢ ᠤᠳᠤ ᠪᠠᠶᠢᠭ᠎ᠠ ᠠᠯᠠᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠵᠦ᠂ ᠤᠶᠤᠨᠳᠦ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠵᠢᠭᠦᠯᠵᠦ᠂ ᠤᠶᠤᠨᠴᠢ ᠰᠦᠯᠵᠢᠶ᠎ᠡ ᠶᠢᠨ ᠮᠡᠷᠭᠡᠵᠢᠯ ᠪᠠ ᠰᠢᠨ᠎ᠡ ᠲᠡᠵᠢᠭᠡᠪᠦᠷᠢ ᠶᠢᠨ ᠵᠠᠭᠪᠤᠷ ᠢᠶᠠᠷ ᠲᠠᠮᠵᠢᠭᠤᠯᠤᠨ ᠮᠠᠯ ᠤᠨ ᠦᠰᠦᠯᠳᠡ ᠪᠠ ᠤᠷᠴᠢᠨ ᠲᠤᠭᠤᠷᠢᠨ ᠢ ᠴᠠᠭ ᠲᠤᠬᠠᠢ ᠳᠤᠨᠢ ᠬᠢᠨᠠᠨ ᠬᠡᠮᠵᠢᠵᠦ ᠂ ᠲᠤᠭ᠎ᠠ ᠪᠠᠷᠢᠮᠳᠠ ᠶᠢᠨ ᠵᠠᠳᠠᠯᠤᠯᠳᠠ ᠬᠢᠵᠦ᠂ ᠲᠡᠵᠢᠭᠡᠨ ᠦᠷᠡᠵᠢᠭᠦᠯᠬᠦ ᠦᠷ᠎ᠡ ᠪᠦᠳᠦᠮᠵᠢ ᠪᠠ ᠶᠠᠰᠤ ᠴᠢᠨᠠᠷ ᠢᠶᠠᠨ ᠲᠡᠭᠡᠭᠰᠢᠯᠡᠭᠦᠯᠬᠦ ᠪᠤᠯᠤᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号