ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ2023 ᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠰᠬᠠᠢ ᠰᠡᠳᠦᠪᠳᠦ ᠪᠤᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/6/16
      ᠦᠪᠡᠷᠳᠡᠭᠡᠨ ᠵᠠᠰᠠᠬᠤ ᠤᠷᠤᠨ᠂ ᠪᠤᠭᠤᠳᠦ ᠬᠤᠳᠠ ᠵᠢᠴᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠤᠳᠤᠯᠭ᠎ᠠ ᠶᠢᠨ ᠰᠡᠳᠭᠢᠮᠵᠢ ᠶᠢ ᠤᠯᠠᠮ ᠨᠢᠭᠡ ᠠᠯᠬᠤᠮ ᠲᠤᠳᠤᠷᠬᠠᠢ ᠪᠤᠯᠭᠠᠵᠦ᠂ ᠪᠦᠬᠦ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ ᠨᠠᠶᠢᠳᠠᠪᠤᠷᠢᠵᠢᠭᠤᠯᠬᠤ ᠶᠢᠨ ᠲᠦᠯᠦᠭᠡ6 ᠰᠠᠷ᠎ᠠ ᠶᠢᠨ15 ᠤ ᠡᠳᠦᠷ ᠲᠠᠷᠬᠠᠨ ᠮᠤᠮᠢᠩᠭᠠᠨ ᠬᠤᠯᠪᠤᠭᠠᠳᠦ ᠬᠤᠰᠢᠭᠤᠨ ᠤ2023 ᠤᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠤᠰᠬᠠᠢ ᠰᠡᠳᠦᠪᠳᠦ ᠪᠤᠯᠪᠠᠰᠤᠷᠠᠯ ᠤᠨ ᠠᠩᠭᠢ ᠨᠢᠭᠡ ᠡᠳᠦᠷ ᠤᠨ ᠬᠤᠭᠤᠴᠠᠭ᠎ᠠ ᠲᠠᠢ ᠬᠤᠷᠠᠯ ᠤᠨ ᠶᠠᠪᠤᠳᠠᠯ ᠤᠨ ᠲᠦᠪ ᠲᠤ ᠶᠠᠪᠤᠭᠳᠠᠭᠰᠠᠨ ᠪᠠᠶᠢᠨ᠎ᠠ᠃ ᠪᠤᠯᠪᠠᠰᠤᠷᠠᠯ ᠳᠤ ᠬᠤᠰᠢᠭᠤ ᠱᠠᠳᠤᠨ ᠤ ᠨᠠᠮ ᠵᠠᠰᠠᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠪᠦᠬᠦ ᠬᠤᠰᠢᠭᠤᠨ ᠤ18 ᠠᠬᠢᠭᠤᠯᠬᠤ ᠲᠤᠭᠤᠶᠢᠯᠠᠩ ᠤᠨ ᠲᠠᠷᠤᠭ᠎ᠠ᠂10 ᠭᠤᠤᠯᠳᠠᠯᠭ᠎ᠠ ᠲᠠᠢ ᠲᠤᠰᠬᠤᠨ ᠤ ᠲᠤᠰᠬᠤᠨ ᠳᠤ ᠰᠠᠭᠤᠭ᠎ᠠ ᠨᠢᠭᠡᠳᠦᠭᠡᠷ ᠱᠦᠵᠢ᠂ ᠡᠯ᠎ᠡ ᠰᠤᠮᠤ ᠭᠠᠴᠠᠭᠠᠨ ᠤ ᠤᠳᠤᠷᠢᠳᠤᠯᠭ᠎ᠠ᠂ ᠺᠠᠳ᠋ᠷ ᠠᠵᠢᠯᠳᠠᠨ ᠵᠡᠷᠭᠡ170 ᠭᠠᠷᠤᠢ ᠬᠦᠮᠦᠰ ᠤᠷᠤᠯᠴᠠᠭᠰᠠᠨ ᠪᠠᠶᠢᠨ᠎ᠠ᠃
微信图片_20230616093727.jpg
      ᠪᠤᠯᠪᠠᠰᠤᠷᠠᠯ ᠳᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠦ ᠦᠢᠯᠡᠰ ᠤᠨ ᠬᠦᠭᠵᠢᠯᠳᠡ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠭᠡᠯ ᠳᠠᠬᠢ  ︿ᠬᠦᠳᠡᠭᠡ ᠠᠵᠦ ᠠᠬᠤᠢ ᠬᠦᠳᠡᠭᠡ ᠲᠤᠰᠬᠤᠨ ᠲᠠᠷᠢᠶᠠᠴᠢᠨ﹀ ᠤ ᠠᠵᠢᠯ ᠤᠨ ᠲᠤᠬᠠᠢ ᠴᠢᠬᠤᠯᠠ ᠶᠡᠭᠡ ᠪᠠᠶᠢᠷᠢᠯᠠᠭᠤᠯᠤᠯᠳᠠ ᠶᠢ ᠭᠦᠨᠵᠡᠭᠡᠢ ᠲᠤᠭᠤᠰᠢᠯᠠᠭᠤᠯᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠢᠰᠲ᠋ᠧᠮ ᠲᠠᠢ ᠤᠨᠤᠯ ᠤᠨ ᠰᠤᠷᠤᠯᠴᠠᠯᠭ᠎ᠠ ᠬᠢᠭᠰᠡᠨ ᠪᠠᠶᠢᠨ᠎ᠠ᠃      ᠲᠤᠰ ᠤᠳᠠᠭᠠᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠢ ᠨᠡᠩ ᠬᠦᠨᠵᠡᠭᠡᠢ ᠵᠠᠳᠠᠯᠠᠬᠤ ᠪᠠᠷ ᠲᠠᠮᠵᠢᠨ᠂ ᠦᠨᠳᠦᠷ ᠬᠡᠪ ᠪᠤᠯᠪᠠᠰᠤᠷᠠᠯ ᠲᠠᠢ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠵᠠᠮᠴᠢᠯᠠᠭᠴᠢ᠂ ᠠᠵᠦ ᠦᠢᠯᠡᠰ ᠤᠨ ᠬᠦᠭᠵᠢᠯᠳᠡ ᠶᠢᠨ ᠠᠬᠢᠭᠤᠯᠤᠭᠴᠢ᠂ ᠬᠦᠳᠡᠭᠡ ᠠᠵᠦ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠡᠯᠭᠡᠷᠡᠭᠦᠯᠦᠭᠴᠢ ᠶᠢ ᠬᠦᠮᠦᠵᠢᠭᠦᠯᠬᠦ ᠪᠠᠷ ᠴᠢᠷᠮᠠᠶᠢᠵᠦ᠂ ᠬᠦᠳᠡᠭᠡ ᠲᠤᠰᠬᠤᠨ ᠢ ᠪᠦᠬᠦ ᠲᠠᠯ᠎ᠠ  ᠪᠠᠷ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠵᠦ ᠴᠢᠳᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号