ᠡᠨᠡ ᠵᠢᠯ ᠤᠨ6 ᠳ᠋ᠤᠭᠠᠷ ᠰᠠᠷ᠎ᠠ ᠪᠤᠯ ᠪᠦᠬᠦ ᠤᠯᠤᠰ ᠤᠨ ᠬᠤᠷᠢᠨ ᠬᠤᠶᠠᠳᠤᠭᠠᠷ ᠤᠳᠠᠭᠠᠨ ᠤ ︽ᠠᠶᠤᠯᠭᠦᠢ | ᠦᠢᠯᠡᠳᠪᠦᠷᠢᠯᠡᠯ ᠤᠨ ᠰᠠᠷ᠎ᠠ︾ ᠪᠤᠯᠤᠨ᠎ᠠ᠃6 ᠰᠠᠷ᠎ᠠ ᠶᠢᠨ16 ᠤ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ | ᠬᠤᠯᠪᠤᠭᠠᠳᠦ ᠬᠤᠰᠢᠭᠤ ᠲᠠᠯ᠎ᠠ ᠨᠤᠳᠤᠭ ᠤᠨ ᠰᠤᠶᠤᠯ ᠤᠨ ᠣᠷᠳᠣᠨ ᠤ ᠡᠮᠦᠨ᠎ᠡ ︽ᠠᠮᠤᠷ ᠲᠦᠪᠰᠢᠨ ᠢ ᠠᠩᠬᠠᠷᠤᠨ | ᠴᠢᠬᠤᠯᠠᠴᠢᠯᠠᠵᠦ᠂ ᠪᠠᠴᠢᠮ ᠪᠠᠶᠢᠳᠠᠯ ᠢ ᠠᠷᠭᠠᠴᠠᠭᠠᠵᠦ ᠴᠢᠳᠠᠬᠤ︾ ᠭᠤᠤᠯ ᠰᠡᠳᠦᠪᠳᠦ2023 ᠤᠨ ᠤ ︽ᠠᠶᠤᠯᠭᠦᠢ | ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠶᠢᠨ ᠯᠠᠪᠯᠠᠯᠳᠠ ᠶᠢᠨ ᠡᠳᠦᠷ ᠤᠨ ᠬᠦᠳᠡᠯᠭᠡᠭᠡᠨ ᠦᠷᠨᠢᠭᠦᠯᠪᠡ᠃ | ᠠᠬᠤᠢ ᠲᠠᠯᠠᠪᠠᠢ ᠳᠤ᠂ ᠠᠵᠢᠯᠳᠠᠳ ᠬᠦᠨᠳᠡᠯᠡᠨ ᠪᠢᠴᠢᠭᠡᠰᠦ ᠡᠯᠬᠦᠬᠦ᠂ ᠠᠮᠤᠷ ᠲᠦᠪᠰᠢᠨ ᠤ ᠤᠬᠠᠭᠤᠯᠭ᠎ᠠ | ᠶᠢᠨ ᠯᠠᠪᠯᠠᠯᠳᠠ ᠶᠢᠨ ᠲᠠᠪᠴᠠᠩ ᠭᠠᠷᠭᠠᠬᠤ᠂ ᠠᠮᠤᠷ ᠲᠦᠪᠰᠢᠨ ᠤ ᠤᠬᠠᠭᠤᠯᠭ᠎ᠠ ᠬᠦᠮᠦᠵᠢᠯ ᠤᠨ ᠦᠵᠡᠭᠦᠯᠦᠯᠭᠡ ᠶᠢᠨ | ᠰᠠᠮᠪᠠᠷ᠎ᠠ ᠶᠢ ᠲᠡᠯᠭᠡᠨ ᠦᠵᠡᠭᠦᠯᠬᠦ᠂ ᠤᠬᠠᠭᠤᠯᠭ᠎ᠠ ᠶᠢᠨ ᠭᠠᠷ ᠲᠡᠪᠳᠡᠷ ᠪᠤᠯᠤᠨ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠦᠷᠭᠡᠨ ᠤᠯᠠᠨ ᠲᠦᠮᠡᠨ ᠳᠤ ᠠᠶᠤᠯᠬᠦᠢ ᠦᠢᠯᠡᠳᠪᠦᠷᠢᠯᠡᠯ ᠤᠨ | ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠬᠠᠥᠯᠢ ᠲᠤᠭᠳᠠᠭᠠᠯ᠂ ᠦᠶᠡᠷ ᠢ ᠰᠡᠷᠭᠡᠶᠢᠯᠡᠬᠦ᠂ ᠭᠠᠯ ᠤᠨ ᠠᠶᠤᠯ ᠢ | ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠮᠡᠳᠡᠯᠭᠡ ᠶᠢ ᠲᠦᠭᠡᠮᠡᠯᠵᠢᠭᠦᠯᠪᠡ᠃ | | ᠲᠤᠰ ᠤᠳᠠᠭᠠᠨ ᠤ ᠬᠦᠳᠡᠯᠭᠡᠭᠡᠨ ᠨᠢ᠂ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠬᠤᠷᠢᠭ᠎ᠠ | ᠱᠤᠭᠤᠮ ᠤᠨ ᠰᠡᠳᠭᠢᠬᠦᠢ ᠶᠢ ᠤᠯᠠᠮ ᠨᠢᠭᠡ ᠠᠯᠬᠤᠮ ᠪᠠᠳᠤᠳᠬᠠᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ | ᠰᠠᠶᠢᠳᠤᠷ ᠬᠢᠬᠦ ᠬᠠᠷᠢᠭᠤᠴᠠᠯᠭᠠᠳᠦ ᠰᠡᠳᠭᠢᠯᠬᠡ ᠪᠤᠯᠤᠨ ᠡᠭᠦᠷᠭᠡᠳᠦ ᠰᠡᠳᠬᠢᠯᠬᠡ ᠶᠢ ᠦᠨᠡᠨᠬᠦ ᠲᠡᠭᠡᠭᠰᠢᠯᠡᠭᠦᠯᠬᠦ ᠶᠢᠨ | ᠬᠠᠮᠳᠦ ᠪᠦᠬᠦ ᠬᠤᠰᠢᠭᠤᠨ ᠤ ᠦᠷᠭᠡᠨ ᠤᠯᠠᠨ ᠲᠦᠮᠡᠨ ᠤ ᠡᠯ᠎ᠡ ᠲᠦᠷᠦᠯ ᠤᠨ ᠠᠮᠤᠷ ᠲᠦᠪᠰᠢᠨ ᠤ ᠠᠰᠠᠭᠤᠳᠠᠯ ᠢ | ᠰᠡᠷᠭᠡᠶᠢᠯᠡᠬᠦ ᠤᠬᠠᠮᠰᠠᠷ ᠢ ᠲᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠪᠤᠯᠤᠨ ᠡᠳ᠋ ᠬᠦᠷᠦᠩᠭᠡ ᠶᠢᠨ ᠠᠮᠤᠷ | ᠲᠦᠪᠰᠢᠨ ᠢ ᠦᠨᠡᠨᠬᠦ ᠪᠠᠳᠤᠯᠠᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠦ ᠠᠬᠤᠢ ᠨᠡᠶᠢᠭᠡᠮ ᠤᠨ | ᠬᠦᠭᠵᠢᠯᠳᠡ ᠳᠤ ᠠᠮᠤᠷ ᠲᠦᠪᠰᠢᠨ ᠲᠤᠭᠳᠠᠭᠤᠨ ᠤᠷᠴᠢᠨ ᠲᠤᠭᠤᠷᠢᠨ ᠢ ᠪᠤᠢ ᠪᠤᠯᠭᠠᠵᠦ ᠦᠭᠬᠦ ᠳᠤ ᠠᠬᠢᠭᠤᠯᠬᠤ | ᠦᠢᠯᠡᠳᠦᠯ ᠦᠵᠡᠭᠦᠯᠬᠦ ᠪᠤᠯᠤᠨ᠎ᠠ᠃ | | | | | | | | | | | |