ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠲᠠᠯ᠎ᠠ ᠨᠤᠳᠤᠭ ᠤᠨ ᠦᠨᠳᠦᠰᠦᠳᠡᠨ ᠤ ᠪᠦᠯᠬᠦᠮᠳᠡᠯ ᠤᠨ ᠭᠤᠤᠯ ᠬᠦᠭ ᠠᠶᠠᠰ ᠢ ᠴᠢᠪᠠᠭᠳᠠᠨ᠂ ︽ᠵᠢᠱᠢᠶᠡᠴᠢ ᠦᠪᠡᠷᠳᠡᠭᠡᠨ ᠵᠠᠰᠠᠬᠤ ᠤᠷᠤᠨ︾ ᠢ ᠪᠦᠳᠦᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/6/20
      ︽ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠪᠤᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠳᠡᠨ ᠤ ᠠᠵᠢᠯ ᠤᠨ ᠭᠤᠤᠯ ᠱᠤᠭᠤᠮ ᠮᠦᠨ᠂ ᠪᠠᠰᠠ ᠴᠦ ᠦᠨᠳᠦᠰᠦᠳᠡᠨ ᠤ ᠭᠠᠵᠠᠷ ᠤᠷᠤᠨ ᠤ ᠡᠯ᠎ᠡ ᠵᠦᠢᠯ ᠤᠨ ᠠᠵᠢᠯ ᠤᠨ ᠭᠤᠤᠯ ᠱᠤᠭᠤᠮ ᠮᠦᠨ︾᠃ ︽ᠦᠨᠳᠦᠰᠦᠳᠡᠨ ᠤ ᠭᠠᠵᠠᠷ ᠤᠷᠤᠨ ᠤ ᠠᠵᠦ ᠠᠬᠤᠢ ᠶᠢᠨ ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯᠤᠨ ᠨᠠᠮ ᠤᠨ ᠪᠠᠶᠢᠭᠤᠯᠤᠯᠳᠠ ᠵᠡᠷᠭᠡ ᠶᠢ ᠡᠨᠡ ᠬᠦ ᠭᠤᠤᠯ ᠰᠢᠵᠢᠮ ᠲᠠᠢ ᠨᠢᠠᠠᠳᠠ ᠤᠶᠠᠯᠳᠤᠭᠤᠯᠬᠤ ᠬᠡᠷᠡᠭᠳᠡᠢ︾᠃ ᠤᠶᠢᠷ᠎ᠠ ᠶᠢᠨ ᠡᠳᠦᠷ᠂ ᠶᠡᠷᠦᠩᠭᠡᠢ ᠱᠦᠵᠢ ᠰᠢ ᠶᠢᠨ ᠫᠢᠩ ᠲᠠᠬᠢᠨᠳᠠ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠵᠦ᠂ ᠲᠤᠮᠳᠠᠳᠦ  ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠲᠠᠯ᠎ᠠ ᠪᠠᠷ ᠨᠡᠩ ᠦᠨᠳᠦᠷ ᠰᠢᠨ᠎ᠡ ᠱᠠᠭᠠᠷᠳᠠᠯᠭ᠎ᠠ ᠲᠤᠷᠠᠳᠴᠠᠢ᠃ ᠡᠭᠦᠨ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠯ᠎ᠡ ᠦᠨᠳᠦᠰᠦᠳᠡᠨ  ᠤ ᠺᠠᠳ᠋ᠷ ᠤᠯᠠᠨ ᠲᠦᠮᠡᠨ ᠠᠴᠠ ᠡᠯ᠎ᠡ ᠦᠨᠳᠦᠰᠦᠳᠡᠨ ᠤ ᠬᠦᠳᠡᠯᠡᠩ᠂ ᠢᠳᠡᠭᠡᠯ ᠵᠤᠷᠢᠭ᠂ ᠬᠠᠶᠢᠷ᠎ᠠ ᠰᠡᠳᠬᠢᠯᠭᠡ᠂ ᠰᠤᠶᠤᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠭᠦᠨᠵᠡᠭᠡᠢ ᠠᠬᠢᠭᠤᠯᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ᠎ᠠ ᠭᠡᠵᠦ ᠢᠯᠡᠳᠭᠡᠪᠡ᠃
微信图片_20230620145442.jpg
      ᠠᠤᠭ᠎ᠠ ᠪᠤᠯ ᠮᠠᠨᠳᠤᠯ ᠪᠤᠭᠤᠮᠳᠠ ᠶᠢᠨ ᠬᠢᠯᠢ ᠶᠢᠨ ᠲᠤᠮᠢᠯᠠᠭᠰᠠᠨ ᠰᠠᠯᠪᠤᠷᠢ ᠶᠢᠨ ᠲᠠᠷᠤᠭ᠎ᠠ᠂ ᠪᠦᠬᠦ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠦᠮᠦᠨ ᠶᠤᠮ᠃ ᠤᠯᠠᠨ ᠵᠢᠯ ᠤᠨ ᠲᠤᠷᠰᠢ᠂ ᠬᠢᠯᠢ ᠶᠢᠨ ᠬᠠᠮᠠᠭᠠᠯᠠᠭᠴᠢ ᠲᠠᠢ ᠬᠠᠮᠳᠦ ᠪᠠᠷ ᠬᠢᠯᠢ ᠪᠠᠨ ᠴᠠᠭᠳᠠᠨ᠂ ᠶᠠᠯᠠᠳᠤ ᠠᠵᠢᠯᠯᠠᠭ᠎ᠠ ᠳᠤ ᠴᠤᠬᠢᠯᠳᠠ ᠦᠭᠬᠦ ᠪᠠ ᠵᠢᠭᠤᠷᠠᠯᠳᠤᠭᠠᠨ ᠢ ᠰᠢᠢᠳᠪᠦᠷᠢᠯᠡᠨ᠂ ᠡᠬᠡ ᠤᠯᠤᠰ ᠤᠨ ᠬᠢᠯᠢ ᠬᠢᠵᠠᠭᠠᠷ ᠢ ᠰᠠᠬᠢᠨ ᠬᠠᠮᠠᠭᠠᠯᠠᠵᠦ᠂ ᠦᠨᠳᠦᠰᠦᠳᠡᠨ ᠤ ᠪᠦᠯᠬᠦᠮᠳᠡᠯ ᠤᠨ ᠦᠵᠡᠰᠭᠦᠯᠡᠩᠳᠦ ᠰᠠᠶᠢᠬᠠᠨ ᠵᠢᠷᠤᠭ ᠢ ᠵᠢᠷᠤᠭᠯᠠᠵᠠᠢ᠃ ᠠᠤᠭ᠎ᠠ᠄ ︽ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠦᠮᠦᠨ ᠪᠤᠯᠤᠭᠰᠠᠨ ᠤ ᠬᠤᠪᠢ ᠳᠤ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠪᠡᠷᠭᠤᠤᠯ ᠰᠢᠵᠢᠮ ᠪᠤᠯᠭᠠᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢᠶᠠᠨ ᠰᠠᠶᠢᠳᠤᠷ ᠬᠢᠵᠦ᠂ ᠤᠯᠠᠨ ᠲᠦᠮᠡᠨ ᠤ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ  ᠶᠢ ᠨᠢᠭᠡᠳᠭᠡᠵᠦ᠂ ᠦᠨᠳᠦᠰᠦᠳᠡᠨ ᠨᠦᠭᠦᠳ ᠤᠨ ᠤᠯᠠᠨ ᠲᠦᠡᠮᠨ ᠤ ᠠᠭᠤᠤ ᠶᠡᠭᠡ ᠤᠯᠤᠰ᠂ ᠲᠤᠮᠳᠠᠳᠦ ᠶᠢᠨ ᠦᠨᠳᠦᠰᠦᠳᠡᠨ᠂ ᠲᠤᠮᠳᠠᠳᠦ ᠶᠢᠨ ᠰᠤᠶᠤᠯ᠂ ᠲᠤᠮᠳᠠᠳᠦ ᠤᠯᠤᠰ ᠤᠨ ᠡᠪ ᠬᠠᠮᠳᠦ ᠨᠠᠮ᠂ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠮᠡᠳᠡᠷᠡᠮᠵᠢ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ ᠰᠢᠨ᠎ᠡ ᠦᠶ᠎ᠡ ᠶᠢᠨ ᠨᠡᠭᠦᠳᠡᠯ ᠠᠷᠠᠳ ᠤᠨ ᠬᠠᠮᠢᠶᠠᠷᠤᠯᠳᠠ ᠶᠢᠨ ᠲᠤᠬᠠᠢ ᠮᠡᠳᠡᠷᠡᠮᠵᠢ ᠶᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠡ᠃ ᠰᠢᠨ᠎ᠡ ᠦᠶ᠎ᠡ ᠶᠢᠨ ᠨᠡᠭᠦᠳᠡᠯ ᠠᠷᠠᠳ ᠤᠨ ᠬᠠᠮᠢᠶᠠᠷᠤᠯᠳᠠ ᠶᠢᠨ ᠴᠠᠭᠳᠠᠭ᠎ᠠ ᠪᠤᠯᠤᠭᠰᠠᠨ ᠤ ᠬᠤᠪᠢ ᠳᠤ᠂ ᠬᠢᠯᠢ ᠶᠢᠨ ᠲᠤᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠢᠳᠡ ᠪᠦᠭᠦᠳᠡᠭᠡᠷ ᠢᠶᠠᠨ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠪᠤᠳᠠᠳᠦ ᠠᠵᠢᠯᠯᠠᠭ᠎ᠠ ᠪᠠᠷ ᠢᠶᠠᠨ ᠶᠡᠷᠦᠩᠭᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠎ᠠ︾ ᠭᠡᠵᠦ ᠬᠡᠯᠡᠪᠡ᠃
微信图片_20230620145449.jpg
      ᠴᠠᠭᠠᠨᠬᠠᠳᠠ ᠰᠤᠮᠤ ᠨᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠢᠯᠢ ᠶᠢᠨ ᠭᠤᠷᠪᠠᠨ ᠰᠤᠮᠤ ᠪᠠᠯᠭᠠᠰᠤ ᠶᠢᠨ ᠨᠢᠭᠡ ᠪᠤᠯᠤᠭᠰᠠᠨ ᠤ ᠬᠤᠪᠢ ᠳᠤ᠂8.57 ᠺᠢᠯᠤᠮᠧᠲᠷ ᠤᠨ ᠬᠢᠯᠢ ᠶᠢᠨ ᠱᠤᠭᠤᠮ ᠲᠠᠢ ᠪᠠᠶᠢᠵᠦ᠂ ᠲᠤᠬᠠᠢ ᠶᠢᠨ ᠭᠠᠵᠠᠷ ᠤᠨ ᠬᠤᠷᠢ ᠭᠠᠷᠤᠢ ᠮᠠᠯᠴᠢᠳ ᠢᠶᠠᠷ ᠪᠦᠷᠢᠯᠳᠦᠭᠰᠡᠨ ᠬᠢᠯᠢ ᠬᠠᠮᠠᠭᠠᠯᠠᠬᠤ ᠠᠩᠭᠢ ᠡᠳᠦᠷ ᠪᠦᠷᠢ ᠡᠭᠡᠯᠵᠢᠯᠡᠨ ᠲᠤᠭᠤᠷᠢᠨ ᠴᠠᠭᠳᠠᠳᠠᠭ᠃ ᠴᠠᠭᠠᠨᠬᠠᠳᠠ ᠰᠤᠮᠤᠨ ᠤ ᠬᠢᠯᠢ ᠬᠠᠮᠠᠭᠠᠯᠠᠭᠴᠢ ᠶᠢᠨ ᠨᠢᠭᠡ ᠪᠤᠯᠤᠭᠰᠠᠨ ᠰᠠᠷᠠᠨᠳᠤᠶᠠᠭ᠎ᠠ᠄ ︽ᠶᠡᠷᠦᠩᠭᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠳᠤ ᠪᠢ ᠲᠤᠶᠢᠯ ᠢᠶᠠᠷ ᠰᠡᠳᠭᠢᠯ ᠲᠤᠭᠳᠤᠯᠵᠦ ᠪᠠᠶᠢᠨ᠎ᠠ᠂ ᠶᠡᠷᠦᠩᠭᠡᠢ ᠱᠦᠵᠢ ᠰᠢ ᠶᠢᠨ ᠫᠢᠩ ᠦᠨᠳᠦᠰᠦᠳᠡᠨ ᠤ ᠪᠦᠯᠬᠦᠮᠳᠡᠯ ᠤᠨ ᠠᠵᠢᠯ ᠢ ᠬᠠᠮᠠᠵᠢᠯᠠᠨ ᠠᠩᠬᠠᠷᠴᠦ᠂ ᠮᠠᠨ ᠤ ᠮᠠᠯᠴᠢᠨ ᠲᠦᠮᠡᠨ ᠢ ᠰᠠᠨᠠᠭᠠᠰᠢᠷᠠᠭᠰᠠᠭᠠᠷ ᠢᠷᠡᠵᠡᠢ᠃ ᠪᠢ ᠲᠠᠯ᠎ᠠ ᠨᠤᠳᠤᠭ ᠲᠤ ᠲᠦᠷᠦᠵᠦ᠂ ᠲᠠᠯ᠎ᠠ ᠨᠤᠳᠤᠭ ᠲᠤ ᠦᠰᠦᠨ ᠪᠤᠶᠢᠵᠢᠭᠰᠠᠨ ᠶᠤᠮ᠂ ᠪᠢ ᠨᠢᠭᠡᠨ ᠬᠢᠯᠢ ᠶᠢᠨ ᠬᠠᠮᠠᠭᠠᠯᠠᠭᠴᠢ ᠪᠤᠯᠤᠭᠰᠠᠨ ᠤ ᠬᠤᠪᠢ ᠳᠤ᠂ ᠬᠢᠯᠢ ᠪᠠᠨ ᠰᠠᠬᠢᠵᠦ᠂ ᠭᠡᠷ ᠤᠷᠤᠨ ᠢᠶᠠᠨ ᠬᠠᠮᠠᠭᠠᠯᠠᠬᠤ ᠪᠤᠯ ᠮᠢᠨᠤ ᠡᠷᠬᠡᠪᠰᠢ ᠪᠡᠶᠡᠯᠡᠬᠦᠯᠬᠦ ᠡᠭᠦᠷᠭᠡ ᠮᠦᠨ᠂ ᠪᠢ ᠦᠩᠭᠡᠷᠡᠭᠰᠡᠨ ᠲᠠᠢ ᠪᠠᠨ ᠠᠳᠠᠯᠢ ᠪᠠᠷ ᠭᠡᠷ ᠤᠷᠤᠨ ᠢᠶᠠᠨ ᠰᠠᠶᠢᠳᠤᠷ ᠰᠠᠬᠢᠵᠦ᠂ ᠡᠬᠡ ᠤᠯᠤᠰ ᠤᠨ ᠢᠶᠠᠨ ᠬᠢᠯᠢ ᠬᠢᠵᠠᠭᠠᠷ ᠢ ᠰᠠᠶᠢᠳᠤᠷ ᠰᠠᠬᠢᠨ᠎ᠠ︾ ᠭᠡᠵᠦ ᠬᠡᠯᠡᠪᠡ
微信图片_20230620145456.png
      ᠨᠡᠶᠢᠭᠡᠮ ᠲᠤᠭᠤᠷᠢᠭ ᠪᠤᠯ ᠨᠡᠶᠢᠭᠡᠮ ᠤᠨ ᠬᠠᠮᠤᠭ ᠤᠨ ᠦᠨᠳᠦᠰᠦᠨ ᠨᠢᠭᠡᠴᠡ ᠪᠤᠯᠬᠤ ᠪᠦᠭᠡᠳ ᠰᠠᠭᠤᠭᠠᠯᠢ ᠠᠷᠠᠳ ᠲᠤ ᠬᠠᠨᠳᠤᠭᠤᠯᠭᠰᠠᠨ ᠨᠢᠭᠡᠳᠦᠭᠡᠷ ᠦᠷᠳᠡᠭᠡ ᠪᠤᠯᠤᠨ᠎ᠠ᠃ ᠰᠢ ᠶᠢᠨ ᠫᠢᠩ ᠶᠡᠷᠦᠩᠭᠡᠢ ᠱᠦᠵᠢ ᠶᠢᠨ ᠬᠦᠰᠡᠯ ᠨᠠᠶᠢᠳᠠᠯᠭ᠎ᠠ ᠨᠢ ᠮᠠᠨ ᠤ ᠬᠤᠰᠢᠭᠤᠨ ᠤ ᠡᠯ᠎ᠡ ᠨᠡᠶᠢᠭᠡᠮ ᠲᠤᠭᠤᠷᠢᠭ ᠤᠨ ᠠᠵᠢᠯᠳᠠᠳ ᠤᠨ ᠦᠨᠳᠦᠰᠦᠳᠡᠨ ᠨᠦᠭᠦᠳ  ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤᠨ ᠰᠢᠨ᠎ᠡ ᠶᠢ ᠡᠭᠦᠳᠬᠦ ᠠᠷᠭ᠎ᠠ ᠵᠠᠮ ᠢᠳᠡᠪᠬᠢᠳᠡᠢ ᠪᠠᠷ ᠬᠠᠶᠢᠨ ᠰᠦᠪᠡᠭᠴᠢᠯᠡᠬᠦ ᠶᠢ ᠤᠷᠠᠮᠰᠢᠭᠤᠯᠵᠠᠢ᠃ ︽ᠶᠡᠷᠦᠩᠭᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ ᠨᠢ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ  ᠶᠢᠨ ᠤᠬᠠᠮᠰᠠᠷ ᠢ ᠪᠠᠳᠤᠳᠬᠠᠬᠤ ᠳᠤ ᠵᠠᠮ ᠱᠤᠭᠤᠮ ᠢ ᠲᠤᠳᠤᠷᠬᠠᠶᠢᠯᠠᠵᠦ ᠦᠭᠴᠠᠢ᠃ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢ ᠪᠠᠬᠢᠵᠢᠭᠦᠯᠬᠦ ᠦᠵᠡᠯ ᠤᠬᠠᠮᠰᠠᠷ ᠬᠦᠮᠦᠵᠢᠯ ᠢ ᠦᠷᠭᠡᠨ ᠲᠡᠯᠭᠡᠷ ᠦᠷᠨᠢᠭᠦᠯᠵᠦ᠂ ᠡᠯ᠎ᠡ ᠦᠨᠳᠦᠰᠦᠳᠡᠨ ᠤ ᠺᠠᠳ᠋ᠷ᠂ ᠤᠯᠠᠨ ᠲᠦᠮᠡᠨ ᠢ ᠵᠢᠯᠤᠭᠤᠳᠴᠦ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠠᠨᠠᠭᠠᠴᠢᠯᠠᠭᠴᠢ᠂ ᠦᠢᠯᠡᠳᠦᠯᠭᠡᠵᠢᠭᠦᠯᠦᠭᠴᠢ ᠪᠠ ᠠᠬᠢᠭᠤᠯᠤᠭᠴᠢ ᠪᠤᠯᠭᠠᠬᠤ ᠪᠠᠷ ᠴᠢᠷᠮᠠᠶᠢᠵᠦ᠂ ︽1241︾ ᠦᠢᠯᠡᠴᠢᠯᠡᠭᠡᠨ ᠤ ᠬᠠᠮᠢᠶᠠᠷᠤᠯᠳᠠ ᠶᠢᠨ ᠵᠠᠭᠪᠤᠷ ᠢ ᠲᠠᠰᠤᠷᠠᠯᠳᠠ ᠦᠭᠡᠢ ᠰᠢᠨ᠎ᠡ ᠪᠠᠷ ᠡᠭᠦᠳᠴᠦ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠬᠡᠬᠦ ᠡᠨᠡ ᠬᠦ ᠭᠤᠤᠯ ᠱᠤᠭᠤᠮ ᠲᠠᠢ ᠨᠢᠠᠠᠳᠠ ᠤᠶᠠᠯᠳᠤᠭᠤᠯᠤᠨ ᠪᠠᠳᠤᠳᠬᠠᠵᠦ ᠂ ᠬᠠᠷᠢᠶᠠᠳᠦ ᠤᠷᠤᠨ ᠤ ᠪᠠᠨ ᠦᠨᠳᠦᠰᠦᠳᠡᠨ ᠨᠦᠭᠦᠳ ᠤᠨ ᠰᠠᠭᠤᠭᠠᠯᠢ ᠠᠷᠠᠳ ᠲᠤ ᠬᠠᠯᠠᠭᠤᠨ ᠲᠤᠯᠠᠭᠠᠨ ᠦᠨᠳᠦᠰᠦᠳᠡᠨ ᠤ ᠪᠦᠯᠬᠦᠮᠳᠡᠯ ᠤᠨ ᠶᠡᠭᠡ ᠭᠡᠷ ᠪᠦᠯᠢ ᠶᠢ ᠪᠠᠶᠢᠭᠤᠯᠵᠦ ᠦᠭᠭᠦᠨ᠎ᠡ︾ ᠭᠡᠵᠦ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠳᠤᠬᠠᠭᠠᠯᠭ᠎ᠠ ᠪᠠᠯᠭᠠᠰᠤᠨ ᠤ ᠲᠤᠯᠠᠭᠠᠨ ᠭᠡᠷ ᠨᠡᠶᠢᠭᠡᠮ ᠲᠤᠭᠤᠷᠢᠭ ᠤᠨ ᠨᠠᠮ ᠤᠨ ᠡᠭᠦᠷ ᠤᠨ ᠶᠡᠷᠦᠩᠭᠡᠢ ᠱᠦᠵᠢ ᠰᠡᠯᠡᠩᠭᠡ ᠬᠡᠯᠡᠪᠡ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷᠴᠣᠳ᠂ ᠤᠯᠠᠨ ᠲᠦᠮᠡᠨ ᠨᠢ ᠡᠨᠡᠬᠦ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠵᠦ᠂ ᠦᠨᠳᠦᠰᠦᠳᠡᠨ ᠤ ᠪᠦᠯᠬᠦᠮᠳᠡᠯ ᠢᠶᠠᠷ ᠭᠠᠷᠳᠠᠴᠠ ᠪᠤᠯᠭᠠᠬᠤ ᠶᠢ ᠪᠠᠷᠢᠮᠳᠠᠯᠠᠵᠦ᠂ ᠦᠨᠳᠦᠰᠦᠳᠡᠨ ᠨᠦᠭᠦᠳ ᠤᠨ ᠬᠠᠮᠳᠤᠪᠠᠷ ᠪᠦᠯᠬᠦᠮᠳᠡᠨ ᠲᠡᠮᠡᠴᠡᠬᠦ᠂ ᠬᠠᠮᠳᠤᠪᠠᠷ ᠴᠡᠴᠡᠭᠯᠡᠨ ᠬᠦᠭᠵᠢᠬᠦ ᠶᠢ ᠠᠬᠢᠭᠤᠯᠬᠤ ᠬᠦᠴᠦᠷᠬᠡᠭ ᠶᠡᠭᠡ ᠡᠨᠧᠷᠬᠢ ᠶᠢ ᠨᠢᠠᠠᠳᠠᠷᠠᠭᠤᠯᠵᠦ᠂ ᠨᠡᠶᠢᠭᠡᠮ ᠤᠨ ᠡᠶ᠎ᠡ ᠵᠤᠬᠢᠴᠠᠩᠭᠤᠢ ᠰᠢᠨ᠎ᠡ ᠬᠦᠭᠵᠢᠯᠳᠡ ᠶᠢ ᠲᠠᠰᠤᠷᠠᠯᠳᠠ ᠦᠭᠡᠢ ᠠᠬᠢᠭᠤᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠴᠡᠴᠡᠭ ᠢ ᠤᠮᠠᠷᠠᠳᠦ ᠬᠢᠯᠢ ᠶᠢᠨ ᠲᠠᠯ᠎ᠠ ᠨᠤᠳᠤᠭ ᠲᠤ ᠦᠷᠭᠦᠯᠵᠢᠯᠡᠨ ᠲᠡᠯᠭᠡᠷᠡᠭᠦᠯᠬᠦ ᠪᠤᠯᠤᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号