ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠯᠤᠳᠤᠭᠠᠷ ᠬᠤᠭᠤᠴᠠᠭᠠᠨ ᠤ ᠪᠦᠬᠦ ᠠᠷᠠᠳ ᠤᠨ ᠶᠠᠪᠠᠭᠠᠨ ᠠᠯᠬᠤᠬᠤ ᠬᠦᠳᠡᠯᠭᠡᠭᠡᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/6/22
      ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠪᠠᠷ ᠠᠵᠢᠯᠳᠠᠳ ᠠᠵᠢᠯᠴᠢᠨ ᠢ ᠬᠦᠳᠦᠯᠦᠨ ᠲᠠᠭᠠᠭᠤᠯᠬᠤ ᠶᠢ ᠪᠠᠷᠢᠮᠳᠠᠯᠠᠨ᠂ ᠺᠠᠳ᠋ᠷ ᠠᠵᠢᠯᠳᠠᠨ ᠠᠵᠢᠯᠴᠢᠨ ᠤᠯᠠᠨ ᠲᠦᠮᠡᠨ ᠤ ᠢᠳᠡᠪᠬᠢᠳᠡᠢ ᠪᠠᠷ ᠪᠡᠶ᠎ᠡ ᠮᠠᠭᠠᠪᠤᠳ ᠢᠶᠠᠨ ᠴᠢᠬᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠶᠢᠨ ᠲᠦᠯᠦᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ ᠪᠤᠯᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯᠴᠢᠨ ᠤ ᠰᠤᠶᠤᠯ ᠲᠠᠮᠢᠷ ᠵᠤᠭᠠᠴᠠᠯ ᠷᠠᠳᠢᠤ᠋ ᠲᠧᠯᠸᠢᠰ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠡᠮᠡᠭᠳᠡᠶᠢᠴᠤᠳ ᠤᠨ ᠬᠤᠯᠪᠤᠭᠠᠳᠦ ᠬᠤᠷᠠᠯ᠂ ᠡᠪ ᠬᠠᠮᠳᠦ ᠵᠠᠯᠠᠭᠤᠴᠣᠳ ᠤᠨ ᠡᠪᠯᠡᠯ ᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠷᠢᠶ᠎ᠠ᠂ ᠵᠡᠮᠳᠡᠭᠴᠤᠳ ᠤᠨ ᠬᠤᠯᠪᠤᠭᠠᠳᠦ ᠬᠤᠷᠠᠯ ᠪᠠ ᠤᠯᠠᠭᠠᠨ ᠵᠠᠯᠠᠮᠠᠭᠠᠶᠢᠳᠠᠨ ᠤ ᠨᠡᠶᠢᠭᠡᠮᠯᠢᠭ ᠤᠨ ᠬᠠᠮᠳᠤᠷᠠᠨ ᠡᠷᠬᠢᠯᠡᠭᠰᠡᠨ ︽ᠲᠤᠮᠳᠠᠳᠦ ᠶᠢᠨ ᠬᠦᠰᠡᠯᠡᠩ᠂ ᠬᠦᠳᠡᠯᠮᠦᠷᠢ ᠰᠠᠶᠢᠬᠠᠨ — ᠰᠡᠳᠬᠢᠯ ᠨᠢᠭᠡᠳᠡᠢ ᠵᠤᠷᠢᠭ ᠢᠶᠠᠨ ᠬᠦᠪᠴᠢᠯᠡᠵᠦ ᠨᠠᠮ  ᠢᠶᠠᠨ ᠲᠠᠭᠠᠨ ᠤᠷᠤᠭᠰᠢᠯᠠᠵᠦ ᠪᠦᠯᠬᠦᠮᠳᠡᠨ ᠲᠡᠮᠡᠴᠡᠵᠦ ᠬᠠᠮᠳᠦ ᠪᠠᠷ ᠰᠢᠨ᠎ᠡ ᠠᠶᠠᠨ ᠢᠶᠠᠨ ᠡᠬᠢᠯᠡᠭᠦᠯᠦᠶ᠎ᠡ︾ ᠭᠡᠬᠦ ᠭᠤᠤᠯ ᠰᠡᠳᠦᠪᠳᠦ ᠲᠤᠯᠤᠳᠤᠭᠠᠷ ᠬᠤᠭᠤᠴᠠᠭᠠᠨ ᠤ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠦᠬᠦ ᠠᠷᠠᠳ ᠤᠨ ᠶᠠᠪᠠᠭᠠᠨ ᠠᠯᠬᠤᠬᠤ ᠬᠦᠳᠡᠯᠭᠡᠭᠡᠨ6 ᠰᠠᠷ᠎ᠠ ᠶᠢᠨ21 ᠤ ᠦᠳᠡ ᠶᠢᠨ ᠡᠮᠦᠨ᠎ᠡ ᠨᠠᠭᠠᠳᠤᠮ ᠤᠨ ᠬᠤᠷᠠᠯ  ᠤᠨ ᠲᠠᠯᠠᠪᠠᠢ ᠳᠤ ᠶᠠᠪᠤᠭᠳᠠᠭᠰᠠᠨ ᠪᠠᠶᠢᠨ᠎ᠠ᠃      ᠬᠦᠳᠡᠯᠬᠡᠬᠡᠨ ᠳᠤ ᠪᠦᠬᠦ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠶᠢᠨ ᠠᠵᠢᠯᠳᠠᠨ᠂ ᠤᠯᠠᠨ ᠲᠦᠮᠡᠨ ᠬᠤᠶᠠᠷ ᠮᠢᠩᠭ᠎ᠠ ᠭᠠᠷᠤᠢ ᠬᠦᠮᠦᠨ ᠢᠳᠡᠭᠬᠢᠯᠡᠨ ᠤᠷᠤᠯᠴᠠᠵᠦ᠂6.4 ᠺᠢᠯᠤᠮᠧᠲᠷ ᠵᠠᠮ ᠢ ᠶᠠᠪᠠᠭᠠᠨ ᠠᠯᠬᠤᠨ᠂ ᠠᠵᠠ  ᠶᠢᠨ ᠰᠤᠭᠤᠯᠤᠭ᠎ᠠ ᠪᠠᠷ ᠲᠠᠮᠵᠢᠨ220 ᠨᠡᠷᠡᠰ ᠬᠦᠮᠦᠨ ᠳᠤ ᠲᠤᠭᠤᠢ ᠲᠡᠷᠭᠡ᠂ ᠭᠠᠯ ᠲᠤᠭᠤᠭᠠᠨ ᠤ ᠬᠡᠷᠡᠭᠰᠡᠯ ᠵᠡᠷᠭᠡ ᠱᠠᠩᠨᠠᠯ ᠤᠯᠭᠤᠬᠤ ᠪᠠᠷ ᠲᠠᠮᠵᠢᠨ ᠪᠦᠬᠦ ᠬᠤᠰᠢᠭᠤᠨ ᠤ ᠺᠠᠳ᠋ᠷ ᠠᠵᠢᠯᠳᠠᠨ ᠠᠵᠢᠯᠴᠢᠨ ᠤᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠢᠳᠡᠪᠬᠢᠵᠢᠯ ᠢ ᠭᠦᠢᠴᠡᠳ ᠲᠠᠶᠢᠴᠢᠯᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号