ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠵᠠᠰᠠᠭ ᠴᠡᠷᠢᠭ ᠴᠠᠭᠳᠠᠭ᠎ᠠ ᠠᠷᠠᠳ ᠲᠦᠮᠡᠨ ᠬᠦᠴᠦ ᠪᠠᠨ ᠬᠠᠮᠳᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠯᠡᠳᠡ ᠪᠠᠨ ᠪᠠᠬᠢᠵᠢᠭᠦᠯᠦᠨ ᠡᠬᠡ ᠤᠯᠤᠰ ᠤᠨ ᠤᠮᠠᠷᠠᠳᠦ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2023/6/26
      ᠨᠠᠮ ᠤᠨ ᠲᠦᠪ ᠬᠤᠷᠢᠶᠠᠨ ᠤ ᠦᠪᠦᠷ ᠮᠤᠩᠭᠤᠯ ᠳᠠᠬᠢ ᠪᠠᠶᠢᠯᠳᠤᠬᠤ ᠪᠤᠳᠤᠯᠭ᠎ᠠ ᠶᠢ ᠪᠠᠳᠤ ᠡᠵᠡᠮᠳᠡᠵᠦ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠦᠷᠢᠨ ᠪᠦᠳᠦᠨ ᠤᠨᠤᠪᠴᠢᠳᠠᠢ᠂ ᠪᠦᠬᠦ ᠲᠠᠯ᠎ᠠ ᠪᠠᠷ ᠲᠤᠭᠤᠰᠢᠯᠠᠭᠤᠵᠦ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠡᠨᠡᠬᠦ ᠲᠡᠷᠢᠬᠦᠨ ᠴᠢᠬᠤᠯᠠ ᠡᠭᠦᠷᠭᠡ ᠶᠢᠨ ᠲᠤᠭᠤᠷᠢᠨ ᠳᠤ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠵᠦ᠂ ᠬᠦᠭᠵᠢᠯᠳᠡ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠤᠬᠢᠷᠳᠤᠯ ᠦᠭᠡᠢ ᠬᠦᠭᠵᠢᠯᠳᠡ ᠪᠠᠷ ᠤᠳᠤᠷᠢᠳᠤᠮᠵᠢ ᠪᠤᠯᠭᠠᠵᠦ᠂ ᠰᠢᠨ᠎ᠡ ᠬᠦᠭᠵᠢᠯᠳᠡ ᠶᠢᠨ ᠪᠠᠶᠢᠷᠢᠰᠢᠯ ᠢ ᠪᠠᠶᠢᠭᠤᠯᠬᠤ ᠳᠤ ᠢᠳᠡᠪᠬᠢᠳᠡᠢ ᠠᠭᠤᠰᠤᠯᠴᠠᠬᠤ ᠪᠠ ᠦᠢᠯᠡᠴᠢᠯᠡᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠳᠡ︾ ᠶᠢ ᠪᠠᠶᠢᠭᠤᠯᠬᠤ ᠲᠡᠭᠡᠷ᠎ᠡ ᠰᠢᠨ᠎ᠡ ᠵᠢᠳᠭᠦᠯ ᠴᠢᠷᠮᠠᠶᠢᠯᠭ᠎ᠠ ᠭᠠᠷᠭᠠᠵᠦ᠂ ︽ᠲᠤᠮᠳᠳᠦ ᠤᠯᠤᠰ ᠤᠨ ᠮᠠᠶ᠋ᠢᠭ ᠤᠨ ᠤᠳᠤᠬᠢᠴᠢᠯᠠᠭᠰᠠᠨ ᠦᠪᠦᠷ ᠮᠤᠩᠭᠤᠯ ᠤᠨ ᠰᠢᠨ᠎ᠡ ᠬᠠᠭᠤᠳᠠᠰᠦ ᠶᠢ ᠴᠢᠷᠮᠠᠶᠢᠨ ᠪᠢᠴᠢᠭᠯᠡᠬᠦ ᠬᠡᠷᠡᠭᠳᠡᠢ︾ ᠭᠡᠵᠦ ᠴᠢᠩ ᠰᠡᠳᠬᠢᠯ ᠤᠨ ᠨᠠᠶᠢᠳᠠᠯᠭ᠎ᠠ ᠲᠠᠯᠪᠢᠭᠰᠠᠨ ᠪᠠᠶᠢᠨ᠎ᠠ᠃ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠨᠢ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠤ ᠲᠤᠮᠳᠠ ᠴᠢᠩᠭ᠎ᠠ ᠲᠤᠰᠬᠠᠯ ᠭᠠᠷᠴᠦ ᠂ ᠤᠯᠠᠨ ᠢᠶᠠᠷ ᠢᠶᠠᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠭᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠲᠠᠢ ᠦᠨᠡᠨᠬᠦ ᠨᠢᠭᠡᠳᠭᠡᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠦ᠂ ᠰᠢᠷᠭᠠᠭᠤ ᠬᠠᠳᠠᠭᠤᠵᠢᠯᠳᠠᠢ ᠪᠠᠷ ᠠᠵᠢᠯᠯᠠᠵᠦ᠂ ᠡᠬᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠤ ᠬᠠᠯᠬᠠᠪᠴᠢ  ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠦ ᠪᠠᠶᠢᠨ᠎ᠠ᠃
微信图片_20230626090205.jpg
      ᠪᠠᠶᠠᠠᠬᠤᠸᠠ ᠪᠠᠯᠭᠠᠰᠤᠨ ᠤ ᠬᠢᠯᠢ ᠶᠢᠨ ᠱᠤᠭᠤᠮ ᠲᠡᠭᠡᠷ᠎ᠡ᠂ ᠲᠡᠮᠦᠷ ᠲᠤᠤᠷ ᠤᠨ ᠡᠪᠳᠡᠷᠡᠵᠦ ᠰᠦᠢᠳᠡᠭᠰᠡᠨ ᠡᠰᠡᠬᠦ᠂ ᠲᠠᠨᠢᠯ ᠪᠤᠰᠤ ᠬᠦᠮᠦᠨ ᠪᠠ ᠲᠡᠷᠭᠡ ᠬᠦᠰᠭᠡ ᠦᠩᠭᠡᠷᠡᠵᠦ ᠭᠠᠷᠤᠭᠰᠠᠨ ᠡᠰᠡᠬᠦ ᠶᠢ ᠤᠷᠳᠤᠨᠠᠰᠤᠨ ᠨᠢᠭᠡᠨᠳᠡ ᠭᠤᠷᠪᠠᠨ ᠵᠢᠯ ᠪᠠᠷᠢᠮᠳᠠᠯᠠᠵᠦ ᠬᠢᠪᠡ᠃      ᠰᠢ ᠶᠢᠨ ᠫᠢᠩ ᠶᠡᠷᠦᠩᠭᠡᠢ ᠱᠦᠵᠢ ᠠᠴᠠ ᠨᠠᠮ ᠵᠠᠰᠠᠭ᠂ ᠴᠡᠷᠢᠭ ᠴᠠᠭᠳᠠᠭ᠎ᠠ᠂ ᠠᠷᠠᠳ ᠲᠦᠮᠡᠨ ᠬᠦᠴᠦ ᠪᠠᠨ ᠬᠠᠮᠳᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠳᠡ ᠪᠠᠨ ᠪᠠᠬᠢᠵᠢᠭᠦᠯᠬᠦ ᠪᠤᠯ ᠮᠠᠨ ᠤ ᠤᠯᠤᠰ ᠤᠨ ᠬᠢᠯᠢ ᠶᠢᠨ ᠬᠠᠮᠠᠭᠠᠯᠠᠯᠳᠠ ᠶᠢᠨ ᠦᠪᠡᠷᠮᠢᠴᠡ ᠲᠠᠪᠠᠭᠤᠯᠢᠭ ᠮᠢᠨ ᠭᠡᠵᠦ ᠴᠢᠩᠭᠠᠳᠬᠠᠵᠠᠢ᠃ ︽ᠤᠳᠤᠬᠠᠨ ᠳᠤ ᠬᠢᠯᠢ  ᠶᠢᠨ ᠬᠠᠮᠭᠠᠯᠠᠯᠳᠠ ᠶᠢᠨ ᠡᠩᠨᠡᠭᠡ ᠶᠠᠪᠤᠬᠤ ᠲᠤᠳᠤᠮ ᠵᠢᠩᠭᠢᠴᠢᠯᠡᠵᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠤᠯᠠᠨ ᠰᠠᠭᠠᠳ ᠦᠬᠡᠢ ᠪᠤᠯᠵᠦ ᠪᠠᠶᠢᠨ᠎ᠠ᠂ ᠬᠤᠶᠢᠰᠢᠳᠠ ᠶᠢᠨ ᠠᠵᠢᠯ ᠳᠤ ᠪᠢ ᠨᠡᠩ ᠨᠠᠷᠢᠨ ᠬᠢᠨᠠᠮᠠᠭᠠᠢ ᠬᠠᠷᠢᠭᠤᠴᠠᠵᠦ ᠂ ᠡᠬᠡ ᠤᠷᠤᠨ ᠤ ᠪᠠᠨ ᠤᠮᠠᠷᠠᠳᠦ ᠬᠢᠯᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠦᠪᠡᠷ ᠤᠨ ᠬᠦᠴᠦᠨ ᠴᠢᠳᠠᠯ  ᠢᠶᠠᠨ ᠡᠷᠭᠦᠭᠦ ᠪᠤᠯᠤᠨ᠎ᠠ︾ ᠭᠡᠵᠦ ᠤᠷᠳᠤᠨᠠᠰᠤᠨ ᠶᠠᠷᠢᠵᠦ ᠪᠠᠶᠢᠯ᠎ᠠ᠃
微信图片_20230626090212.jpg
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠠᠨᠳᠤᠯ ᠪᠤᠭᠤᠮᠳᠠ ᠶᠢᠨ ᠬᠢᠯᠢ ᠶᠢᠨ ᠲᠤᠮᠢᠯᠠᠭᠰᠠᠨ ᠰᠠᠯᠪᠤᠷᠢ ᠳᠤ ᠤᠷᠤᠬᠤ ᠳᠤ᠂ ᠨᠢᠭᠡᠳᠦᠭᠡᠷ ᠹᠷᠤᠨᠲ ᠤᠨ ᠠᠷᠠᠳ ᠤᠨ ᠴᠠᠭᠳᠠᠭ᠎ᠠ ᠶᠠᠭᠠᠷᠠᠯᠳᠤᠵᠦ ᠪᠠᠶᠢᠯ᠎ᠠ᠃ ︽ᠮᠢᠨᠤ ᠡᠳᠦᠷ ᠲᠤᠳᠤᠮ ᠤᠨ ᠠᠵᠢᠯ ᠪᠤᠯ ᠬᠠᠮᠤᠭ ᠤᠨ ᠲᠡᠷᠢᠬᠦᠨ ᠳᠤ ᠬᠠᠷᠢᠶ᠎ᠠ ᠤᠷᠤᠨ ᠤ ᠪᠠᠨ ᠨᠡᠭᠦᠳᠡᠯ ᠬᠦᠮᠦᠰ ᠢ ᠬᠢᠨᠠᠨ ᠪᠠᠶᠢᠴᠠᠭᠠᠵᠦ᠂ ᠲᠠᠩᠰᠠᠯᠠᠨ ᠲᠡᠮᠳᠡᠭᠯᠡᠵᠦ᠂ ᠴᠢᠯᠦᠭᠡᠯᠡᠬᠦ ᠴᠡᠷᠢᠭ ᠤᠨ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠭᠢ  ᠲᠠᠢ ᠬᠠᠮᠳᠤᠷᠠᠨ ᠬᠢᠯᠢ ᠶᠢᠨ ᠡᠮᠦᠨ᠎ᠡ ᠵᠠᠬ᠎ᠠ ᠶᠢᠨ ᠭᠤᠤᠯᠳᠠᠯᠭ᠎ᠠ ᠲᠠᠢ ᠭᠠᠵᠠᠷ ᠪᠤᠯᠤᠨ ᠪᠤᠳᠤᠯᠢᠶᠠᠨᠳᠠᠢ ᠭᠠᠵᠠᠷ ᠢ ᠲᠤᠭᠤᠷᠢᠨ ᠪᠠᠶᠢᠴᠠᠭᠠᠵᠦ᠂ ᠬᠠᠷᠢᠶ᠎ᠠ ᠤᠷᠤᠨ ᠤ ᠪᠠᠨ ᠠᠵᠦ ᠠᠬᠤᠶᠢᠯᠠᠯ᠂ ᠬᠤᠳᠠᠯᠳᠤᠭᠠᠨ ᠤ ᠲᠤᠤᠷ ᠴᠡᠭ ᠢ ᠲᠤᠭᠳᠠᠭᠰᠠᠨ ᠴᠠᠭ ᠲᠤ ᠪᠠᠶᠢᠴᠠᠭᠠᠬᠤ ᠶᠠᠪᠤᠳᠠᠯ ᠪᠤᠯᠤᠨ᠎ᠠ︾᠃ ︽ᠰᠢ ᠶᠢᠨ ᠫᠢᠩ ᠶᠡᠷᠦᠩᠭᠡᠢ ᠱᠦᠵᠢ ᠶᠢᠨ ᠨᠠᠶᠢᠳᠠᠯᠭ᠎ᠠ ᠬᠦᠮᠦᠰ ᠤᠨ ᠰᠡᠳᠭᠢᠯ ᠢ ᠮᠠᠰᠢ ᠵᠤᠷᠢᠵᠢᠭᠤᠯᠵᠦ᠂ ᠨᠢᠭᠡᠳᠦᠭᠡᠷ ᠹᠷᠤᠨᠲ ᠲᠤ ᠡᠷᠡᠯᠬᠡᠭᠯᠡᠨ ᠪᠠᠶᠢᠯᠳᠤᠵᠦ ᠪᠠᠶᠢᠭ᠎ᠠ ᠦᠨᠳᠦᠰᠦᠨ ᠱᠠᠳᠤᠨ ᠤ ᠠᠷᠠᠳ ᠤᠨ ᠴᠠᠭᠳᠠᠭ᠎ᠠ ᠪᠤᠯᠤᠭᠰᠠᠨ ᠤ ᠬᠤᠪᠢ ᠳᠤ ᠮᠢᠨᠤ ᠡᠭᠦᠷᠭᠡ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ ᠭᠡᠵᠦ ᠪᠤᠳᠤᠵᠦ ᠪᠠᠶᠢᠨ᠎ᠠ᠃ ᠬᠤᠶᠢᠰᠢᠳᠠ ᠶᠢᠨ ᠠᠵᠢᠯ ᠲᠤᠮᠳᠠ ᠪᠠᠨ ᠪᠢ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠦᠨᠡᠨᠬᠦ ᠲᠤᠬᠠᠶᠢᠯᠠᠭᠰᠠᠨ ᠠᠵᠢᠯ ᠤᠨ ᠢᠶᠠᠨ ᠬᠦᠳᠡᠯᠭᠡᠬᠦ ᠬᠦᠴᠦᠨ ᠪᠤᠯᠭᠠᠨ ᠬᠤᠪᠢᠷᠠᠭᠤᠯᠵᠦ᠂ ᠨᠡᠩ ᠤᠷᠭᠢᠯᠤᠮ᠎ᠠ ᠬᠠᠯᠠᠭᠤᠨ ᠰᠡᠳᠬᠢᠯᠬᠡ ᠪᠠᠷ ᠡᠯ᠎ᠡ ᠵᠦᠢᠯ ᠤᠨ ᠠᠵᠢᠯ ᠳᠠᠭᠠᠨ ᠴᠢᠷᠮᠠᠶᠢᠵᠦ᠂ ᠰᠠᠭᠤᠭᠠᠯᠢ ᠠᠷᠠᠳ ᠤᠨ ᠬᠦᠷᠳᠡᠭᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ ᠪᠤᠯᠭᠠᠨ᠎ᠠ︾ ᠭᠡᠵᠦ ᠠᠷᠠᠳ ᠤᠨ ᠴᠠᠭᠳᠠᠭ᠎ᠠ ᠵᠠᠩ ᠪᠦᠸᠧ ᠶᠠᠷᠢᠵᠦ ᠪᠠᠶᠢᠯ᠎ᠠ᠃
微信图片_20230626090219.jpg
      ᠤᠯᠤᠰ ᠵᠠᠪᠠᠯ ᠬᠢᠯᠢ ᠬᠢᠵᠠᠭᠠᠷ ᠲᠠᠢ᠂ ᠬᠢᠯᠢ ᠬᠢᠵᠠᠭᠠᠷ ᠲᠤ ᠵᠠᠪᠠᠯ ᠰᠡᠷᠭᠡᠶᠢᠯᠡᠯᠳᠡ ᠬᠢᠬᠦ ᠬᠡᠷᠡᠭᠳᠡᠢ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠢᠮᠠᠭᠳᠠ ᠭᠤᠶᠢᠪᠢᠰᠢ ᠦᠭᠡᠢ ᠨᠠᠶᠢᠳᠠᠪᠤᠷᠢᠵᠢᠭᠤᠯᠵᠦ᠂ ᠬᠢᠯᠢ ᠬᠢᠵᠠᠭᠠᠷ ᠤᠷᠤᠨ ᠤ ᠬᠦᠭᠵᠢᠯᠳᠡ ᠶᠢ ᠠᠬᠢᠭᠤᠯᠤᠨ᠂ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠡᠷᠡᠰ ᠴᠢᠩᠭᠠᠳᠬᠠᠵᠦ᠂ ᠨᠠᠮ ᠵᠠᠰᠠᠭ᠂ ᠴᠡᠷᠢᠭ ᠴᠠᠭᠳᠠᠭ᠎ᠠ᠂ ᠠᠷᠠᠳ ᠲᠦᠮᠡᠨ ᠬᠦᠴᠦ ᠪᠠᠨ ᠬᠠᠮᠳᠤᠳᠬᠠᠨ ᠬᠢᠯᠢ ᠬᠢᠵᠠᠭᠠᠷ  ᠢᠶᠠᠨ ᠬᠦᠴᠦᠷᠬᠡᠭᠵᠢᠭᠦᠯᠦᠨ ᠰᠡᠷᠭᠡᠶᠢᠯᠡᠯᠳᠡ ᠪᠠᠨ ᠪᠠᠬᠢᠵᠢᠭᠦᠯᠬᠦ ᠶᠢ ᠴᠢᠩᠭᠠᠳᠬᠠᠨ᠂ ᠬᠠᠮᠳᠦ ᠶᠢᠨ ᠬᠦᠴᠦᠨ ᠢ ᠪᠦᠷᠢᠯᠳᠦᠭᠦᠯᠵᠦ᠂ ᠬᠢᠯᠢ ᠶᠢᠨ ᠬᠠᠮᠠᠭᠠᠯᠠᠯᠳᠠ ᠶᠢᠨ ᠪᠠᠬᠢᠵᠢᠯ ᠪᠠ ᠬᠢᠯᠢ ᠶᠢᠨ ᠠᠮᠤᠷ ᠲᠦᠪᠰᠢᠨ ᠢ ᠦᠨᠡᠨ ᠬᠦ ᠪᠠᠳᠤᠯᠠᠨ᠎ᠠ᠃      ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠤᠨ ᠬᠢᠯᠢ ᠶᠢᠨ ᠬᠠᠮᠠᠭᠠᠯᠠᠯᠳᠠ ᠶᠢᠨ ᠠᠵᠢᠯ ᠤᠨ ᠪᠠᠶᠢᠭᠤᠯᠤᠮᠵᠢ ᠨᠡᠩ ᠲᠡᠭᠦᠯᠳᠡᠷᠵᠢᠭᠦᠯᠵᠦ᠂ ᠨᠠᠮ ᠵᠠᠰᠠᠭ᠂ ᠴᠡᠷᠢᠭ ᠴᠠᠭᠳᠠᠭ᠎ᠠ᠂ ᠠᠷᠠᠳ ᠲᠦᠮᠡᠨ ᠬᠦᠴᠦ ᠪᠠᠨ ᠬᠠᠮᠳᠤᠳᠬᠠᠨ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠳᠡ ᠶᠢ ᠪᠠᠬᠢᠵᠢᠭᠦᠯᠬᠦ ᠪᠠᠶᠢᠳᠠᠯ ᠲᠠᠰᠤᠷᠠᠯᠳᠠ ᠦᠭᠡᠢ ᠰᠠᠶᠢᠵᠢᠷᠠᠪᠠ ᠭᠡᠵᠦ ᠰᠢ ᠶᠢᠨ ᠫᠢᠩ ᠶᠡᠷᠦᠩᠭᠡᠢ ᠱᠦᠵᠢ ᠴᠢᠬᠤᠯᠠᠴᠢᠯᠠᠪᠠ᠃ ᠰᠢᠨ᠎ᠡ ᠨᠢᠭᠡ ᠦᠶ᠎ᠡ ᠶᠢᠨ ᠨᠡᠭᠦᠳᠡᠯ ᠲᠠᠰᠤᠷᠠᠯᠳᠠ ᠦᠭᠡᠢ ᠰᠠᠶᠢᠵᠢᠷᠠᠪᠠ ᠭᠡᠵᠦ ᠰᠢ ᠶᠢᠨ ᠫᠢᠩ ᠶᠡᠷᠦᠩᠭᠡᠢ ᠱᠦᠵᠢ ᠴᠢᠬᠤᠯᠠᠴᠢᠯᠠᠪᠠ᠃ ᠰᠢᠨ᠎ᠡ ᠨᠢᠭᠡ ᠦᠶ᠎ᠡ ᠶᠢᠨ ᠨᠡᠭᠦᠳᠡᠯ ᠠᠷᠠᠳ ᠤᠨ ᠬᠠᠮᠢᠶᠠᠷᠤᠯᠳᠠ ᠶᠢᠨ ᠴᠠᠭᠳᠠᠭ᠎ᠠ ᠪᠤᠯᠤᠭᠰᠠᠨ ᠤ ᠬᠤᠪᠢ ᠳᠤ᠂ ᠪᠢ ᠤᠮᠠᠷᠠᠳᠦ ᠬᠢᠯᠢ ᠬᠢᠵᠠᠭᠠᠷ ᠢ ᠪᠦᠳᠦᠭᠡᠨ ᠪᠠᠶᠢᠭᠤᠯᠵᠦ ᠪᠠᠶᠢᠨ᠎ᠠ᠃ ᠬᠤᠶᠢᠰᠢᠳᠠ᠂ ᠪᠢ ᠬᠢᠯᠢ ᠬᠢᠵᠠᠭᠠᠷ ᠤᠷᠤᠨ ᠤ ᠨᠡᠶᠢᠭᠡᠮ ᠤᠨ ᠠᠮᠤᠷ ᠲᠦᠪᠰᠢᠨ ᠲᠤᠭᠠᠭᠤᠨ ᠢ ᠦᠷᠭᠦᠯᠵᠢᠯᠡᠨ ᠬᠠᠮᠠᠭᠠᠯᠠᠵᠦ᠂ ᠠᠵᠦ ᠠᠬᠤᠢ ᠨᠡᠶᠢᠭᠡᠮ ᠤᠨ ᠲᠦᠷᠭᠡᠨ ᠬᠦᠭᠵᠢᠯᠳᠡ ᠳᠤ ᠦᠢᠯᠡᠴᠢᠯᠡᠨ᠂ ᠬᠠᠷᠢᠶᠠᠳᠦ ᠤᠷᠤᠨ ᠤ ᠤᠯᠠᠨ ᠲᠦᠮᠡᠨ ᠳᠤ ᠦᠢᠯᠡᠴᠢᠯᠡᠨ᠎ᠡ ︾ ᠭᠡᠵᠦ ᠮᠠᠨᠳᠤᠯ ᠪᠤᠭᠤᠮᠳᠠ ᠶᠢᠨ ᠬᠢᠯᠢ ᠶᠢᠨ ᠲᠤᠮᠢᠯᠠᠭᠰᠠᠨ ᠰᠠᠯᠪᠤᠷᠢ ᠶᠢᠨ ᠲᠠᠷᠤᠭ᠎ᠠ ᠠᠤᠭ᠎ᠠ ᠶᠠᠷᠢᠵᠦ ᠪᠠᠶᠢᠯ᠎ᠠ᠃      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠤᠳᠠᠳᠦ ᠠᠵᠢᠯᠯᠠᠭ᠎ᠠ ᠪᠠᠷ ᠢᠶᠠᠨ ︽ᠬᠤᠶᠠᠷ ᠢ ᠲᠤᠭᠳᠠᠭᠠᠬᠤ︾ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠡᠩ ᠯᠠᠪᠳᠠᠭᠤᠨ ᠪᠠᠳᠤᠳᠠᠢ ᠰᠤᠷᠳᠠᠯ ᠂ ᠬᠦᠴᠦᠳᠡᠢ ᠠᠷᠭ᠎ᠠ ᠬᠡᠮᠵᠢᠶ᠎ᠡ ᠪᠠᠷ ᠡᠬᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠢ ᠪᠠᠳᠤᠳᠬᠠᠬᠤ ᠲᠠᠯ᠎ᠠ ᠪᠠᠷ ᠰᠢᠨ᠎ᠡ ᠵᠢᠳᠭᠦᠯ ᠴᠢᠷᠮᠠᠶᠢᠯᠭ᠎ᠠ ᠭᠠᠷᠭᠠᠬᠤ ᠪᠤᠯᠤᠨ᠎ᠠ᠃
微信图片_20230626090227.jpg
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号