ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠦᠷᠭᠡᠨᠵᠤᠯᠠ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ︾ ᠨᠢ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠲᠠᠶᠢᠴᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2023/6/28
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠢᠩᠭᠠᠨ ᠪᠠᠯᠭᠠᠰᠤᠨ ᠤ ᠬᠦᠭᠵᠢᠯᠳᠦ ᠭᠠᠴᠠᠭ᠎ᠠ ᠳᠤ ᠪᠠᠶᠢᠷᠢᠯᠠᠵᠦ ᠪᠠᠶᠢᠭ᠎ᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠦᠷᠭᠡᠨᠵᠤᠯᠠ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ︾ ᠨᠢ2011 ᠤᠨ ᠤ11 ᠰᠠᠷ᠎ᠠ ᠳᠤ ᠪᠠᠶᠢᠭᠤᠯᠤᠭᠳᠠᠵᠦ᠂ ᠶᠡᠷᠦᠩᠭᠡᠢ ᠲᠠᠯᠠᠪᠠᠢ  ᠨᠢ20400 ᠲᠡᠭᠰᠢ ᠲᠦᠷᠪᠡᠯᠵᠢᠨ ᠮᠧᠲᠷ ᠪᠤᠢ᠃ ᠡᠭᠦᠨ ᠳᠤ120 ᠲᠡᠭᠰᠢ ᠲᠦᠷᠪᠡᠯᠵᠢᠨ ᠮᠧᠲᠷ ᠤᠨ ᠠᠵᠢᠯᠯᠠᠬᠤ ᠲᠤᠭᠤᠷᠢᠭ᠂80 ᠲᠡᠭᠰᠢ ᠲᠦᠷᠪᠡᠯᠵᠢᠨ ᠮᠧᠲᠷ ᠤᠨ ᠠᠵᠢᠯᠳᠠᠨ ᠠᠵᠢᠯᠴᠢᠨ ᠤ ᠪᠠᠶᠢᠷᠢ᠂150 ᠪᠤᠰᠤᠭ᠎ᠠ ᠲᠦᠷᠪᠡᠯᠵᠢᠨ ᠮᠧᠲᠷ ᠤᠨ ᠨᠤᠭᠤᠭᠠᠨ ᠪᠤᠷᠳᠤᠭ᠎ᠠ ᠲᠠᠷᠤᠰᠢᠭᠤᠯᠬᠤ ᠵᠤᠭᠤᠷᠢ᠂4201 ᠲᠡᠭᠰᠢ ᠲᠦᠷᠪᠡᠯᠵᠢᠨ ᠮᠧᠲᠷ  ᠤᠨ ᠡᠪᠡᠰᠦ ᠪᠤᠷᠳᠤᠭ᠎ᠠ ᠡᠳ᠋ᠰᠢᠭᠦᠯᠬᠦ ᠦᠢᠯᠡᠳᠪᠦᠷᠢ ᠶᠢᠨ ᠲᠠᠰᠤᠭ᠂60 ᠲᠡᠭᠰᠢ ᠲᠦᠷᠪᠡᠯᠵᠢᠨ ᠮᠧᠲᠷ ᠤᠨ ᠭᠡᠭᠡᠳᠦᠭᠦᠯᠭᠡ ᠶᠢᠨ ᠲᠠᠰᠤᠭ᠂350 ᠲᠡᠭᠰᠢ ᠲᠦᠷᠪᠡᠯᠵᠢᠨ ᠮᠧᠲᠷ ᠤᠨ ᠤᠳᠤᠬᠢᠴᠢᠯᠠᠭᠰᠠᠨ ᠦᠬᠡᠷ ᠲᠡᠵᠢᠭᠡᠬᠦ ᠰᠠᠷᠠᠪᠴᠢ᠂1050 ᠲᠡᠭᠰᠢ ᠲᠦᠷᠪᠡᠯᠵᠢᠨ ᠮᠧᠲᠷ ᠤᠨ ᠤᠳᠤᠬᠢᠴᠢᠯᠠᠭᠰᠠᠨ ᠦᠬᠡᠷ ᠤᠨ ᠰᠠᠷᠠᠪᠴᠢ᠂360 ᠲᠡᠭᠰᠢ ᠲᠦᠷᠪᠡᠯᠵᠢᠨ ᠮᠧᠲᠷ ᠤᠨ ᠤᠳᠤᠬᠢᠴᠢᠯᠠᠭᠰᠠᠨ ᠬᠤᠨᠢ ᠢᠮᠠᠭ᠎ᠠ᠂ ᠠᠳᠤᠭᠤᠨ ᠤ ᠰᠠᠷᠠᠪᠴᠢ᠂420 ᠲᠡᠭᠰᠢ ᠲᠦᠷᠪᠡᠯᠵᠢᠨ ᠮᠧᠲᠷ ᠤᠨ ᠬᠤᠨᠢᠨ ᠤ ᠰᠠᠷᠠᠪᠴᠢ᠂ ᠬᠤᠶᠠᠷ ᠲᠠᠰᠤᠯᠭ᠎ᠠ ᠬᠦᠯᠳᠡᠭᠡᠬᠦᠷ᠂42 ᠪᠤᠰᠤᠭ᠎ᠠ ᠲᠦᠷᠪᠡᠯᠵᠢᠨ ᠮᠧᠲᠷ ᠤᠨ ᠲᠦᠷᠭᠡᠨ ᠬᠦᠯᠳᠡᠭᠡᠭᠦᠷ᠂70 ᠪᠤᠰᠤᠭ᠎ᠠ ᠲᠦᠷᠪᠡᠯᠵᠢᠨ ᠮᠧᠲᠷ ᠤᠨ ᠬᠦᠯᠳᠡᠭᠡᠭᠦᠷ᠂63 ᠲᠡᠭᠰᠢ ᠲᠦᠷᠪᠡᠯᠵᠢᠨ ᠮᠧᠲᠷ ᠤᠨ ᠠᠯᠠᠰᠢᠨ ᠤ ᠲᠠᠰᠤᠭ᠂82 ᠮᠤ᠋ ᠡᠪᠡᠰᠦ ᠪᠤᠷᠳᠤᠭ᠎ᠠ ᠶᠢᠨ ᠲᠠᠷᠢᠶᠠᠨ ᠭᠠᠵᠠᠷ᠂50 ᠲᠡᠭᠰᠢ ᠲᠦᠷᠪᠡᠯᠵᠢᠨ ᠮᠧᠲᠷ ᠤᠨ ᠰᠦ ᠰᠠᠭᠠᠬᠤ ᠲᠢᠩᠬᠢᠮ ᠲᠠᠢ ᠶᠤᠮ᠃
      ᠲᠠᠷᠬᠠᠨ ᠮᠤᠮᠢᠩᠭᠠᠨ ᠬᠤᠯᠪᠤᠭᠠᠳᠦ ᠬᠤᠰᠢᠭᠤᠨ ᠤ ︽ᠦᠷᠭᠡᠨᠵᠤᠯᠠ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ︾ ᠨᠢ ᠬᠤᠰᠢᠭᠤᠨ ᠲᠦᠪ ᠪᠠᠳᠤᠬᠠᠭᠠᠯᠭ᠎ᠠ ᠪᠠᠯᠭᠠᠰᠤᠨ ᠤ ᠬᠦᠰᠡᠯ ᠰᠠᠭᠤᠭᠠᠯᠢ ᠲᠤᠭᠤᠷᠢᠭ ᠤᠨ ᠪᠠᠷᠠᠭᠤᠨ ᠡᠭᠦᠳᠡᠨ ᠳᠤ ᠪᠤᠳᠠᠳᠦ ᠴᠤᠭᠴᠠ ᠶᠢᠨ ᠲᠡᠯᠭᠡᠭᠦᠷ ᠡᠵᠡᠩᠨᠡᠵᠦ᠂ ᠭᠤᠤᠯᠳᠠᠭᠤ ᠰᠦ᠂ ᠪᠢᠰᠢᠯᠢᠭ᠋᠂ ᠬᠤᠷᠤᠳ᠂ ᠦᠷᠦᠮ᠎ᠡ ᠵᠡᠷᠭᠡ ᠡᠯ᠎ᠡ ᠵᠦᠢᠯ ᠤᠨ ᠴᠠᠭᠠᠨ ᠢᠳᠡᠭᠡ ᠵᠢᠴᠢ ᠮᠠᠯᠵᠢᠬᠤ ᠤᠷᠤᠨ ᠤ ᠦᠬᠡᠷ ᠬᠤᠨᠢᠨ ᠮᠢᠬ᠎ᠠ᠂ ᠦᠨᠳᠦᠰᠦᠳᠡᠨ ᠤ ᠭᠠᠷ ᠤᠷᠠᠯᠠᠯ ᠤᠨ ᠪᠦᠳᠦᠭᠡᠭᠳᠡᠭᠦᠨ ᠵᠡᠷᠭᠡ ᠶᠢ ᠪᠤᠷᠤᠯᠠᠭᠤᠯᠵᠦ ᠪᠤᠢ᠃2014 ᠤᠨ ᠳᠤ ︽ᠦᠷᠭᠡᠨ ᠮᠠᠯᠵᠢᠯ ᠤᠨ ᠲᠠᠯᠠᠪᠠᠢ︾ ᠶᠢᠨ ᠲᠠᠸᠠᠷ ᠤᠨ ᠲᠡᠮᠳᠡᠭ ᠢ ᠲᠠᠩᠰᠠᠯᠠᠭᠤᠯᠵᠦ᠂2017 ᠤᠨ ᠳᠤ ᠬᠤᠨᠢᠨ ᠮᠢᠬᠠᠨ ᠤ ᠪᠤᠬᠢᠷᠳᠤᠯ ᠦᠭᠡᠢ ᠢᠳᠡᠭᠡᠨ ᠤ ᠬᠡᠷᠡᠴᠢᠯᠡᠯᠳᠡ ᠶᠢ ᠦᠩᠭᠡᠷᠡᠭᠡᠵᠡᠢ᠃ ᠤᠳᠤᠬᠠᠨ ᠳᠤ ᠬᠤᠷᠰᠢᠶᠠᠵᠢᠯ ᠤᠨ ᠪᠤᠳᠠᠳᠦ ᠴᠤᠭᠴᠠ ᠶᠢᠨ ᠲᠡᠯᠭᠡᠬᠦᠷ ᠨᠢ ᠸᠢᠴᠠᠲ ᠤᠨ ᠬᠤᠳᠠᠯᠳᠤᠭᠠᠨ ᠤ ᠪᠤᠷᠤᠯᠠᠭᠤᠯᠭ᠎ᠠ ᠶᠢᠨ ᠵᠠᠭᠪᠤᠷ ᠲᠠᠢ ᠤᠶᠠᠯᠳᠤᠭᠤᠯᠤᠨ᠂ ᠦᠢᠯᠡᠳᠭᠦᠨ ᠢᠶᠠᠨ ᠵᠧᠵᠢᠶᠠᠩ᠂ ᠱᠠᠨᠳᠦ᠋ᠩ ᠵᠢᠴᠢ ᠦᠪᠦᠷ ᠮᠤᠩᠭᠤᠯ ᠤᠷᠤᠨ ᠤ ᠬᠡᠪᠴᠢᠶᠡᠨ ᠳᠤ ᠦᠷᠭᠡᠨ ᠢᠶᠠᠷ ᠪᠤᠷᠤᠯᠠᠭᠤᠯᠵᠦ ᠪᠤᠢ᠃      ᠤᠳᠤ᠂ ︽ᠦᠷᠭᠡᠨᠵᠤᠯᠠ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ︾ ᠨᠢ ᠤᠶᠢᠷ᠎ᠠ ᠬᠤᠪᠢ ᠶᠢᠨ ᠮᠠᠯᠴᠢᠨ ᠲᠠᠷᠢᠶᠠᠴᠢᠨ ᠢ ᠬᠠᠪᠰᠤᠷᠤᠨ ᠵᠢᠯ ᠳᠤ2000 ᠭᠠᠷᠤᠢ ᠬᠤᠨᠢ ᠦᠬᠡᠷ ᠪᠤᠷᠤᠯᠠᠭᠤᠯᠵᠦ ᠪᠠᠶᠢᠬᠤ ᠪᠠᠷ ᠪᠠᠷᠠᠬᠤ ᠦᠭᠡᠢ ᠪᠠᠰᠠ ᠤᠶᠢᠷ᠎ᠠ ᠬᠠᠪᠢ ᠶᠢᠨ40 ᠭᠠᠷᠤᠢ ᠮᠠᠯᠴᠢᠨ ᠲᠠᠷᠢᠶᠠᠴᠢᠨ ᠳᠤ ᠠᠵᠢᠯ ᠤᠯᠭᠤᠵᠦ᠂ ᠴᠠᠭᠠᠨ ᠢᠳᠡᠭᠡ ᠡᠳ᠋ᠰᠢᠯᠡᠭᠦᠯᠦᠨ ᠦᠢᠯᠡᠳᠬᠦ ᠵᠢᠴᠢ ᠦᠬᠡᠷ ᠬᠤᠨᠢᠨ ᠮᠢᠬ᠎ᠠ ᠪᠤᠷᠤᠯᠠᠭᠤᠯᠬᠤ ᠵᠡᠷᠭᠡ ᠲᠠᠯ᠎ᠠ ᠪᠠᠷ ᠮᠠᠰᠢ ᠶᠡᠭᠡ ᠲᠠᠶᠢᠴᠢᠯᠠᠬᠤ ᠦᠢᠯᠡᠳᠦᠯ ᠲᠠᠢ ᠪᠠᠶᠢᠵᠦ᠂ ᠮᠠᠯᠴᠢᠨ ᠲᠠᠷᠢᠶᠠᠴᠢᠨ ᠢ ᠲᠠᠶᠢᠴᠢᠯᠠᠨ ᠬᠠᠮᠳᠦ ᠪᠠᠷ ᠪᠠᠶᠠᠵᠢᠯ ᠤᠨ ᠵᠠᠮ ᠢᠶᠠᠷ ᠵᠠᠮᠨᠠᠵᠦ ᠪᠠᠶᠢᠨ᠎ᠠ᠃
微信图片_20230628091049.png
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号