| | | ᠨᠢᠭᠡ᠂ ᠳᠡᠭᠡᠷ᠎ᠡ ᠬᠠᠭᠠᠰ ᠵᠢᠯ ᠤᠨ ᠲᠤᠬᠠᠶᠢᠯᠠᠭᠰᠠᠨ ᠠᠵᠢᠯ ᠢᠶᠠᠨ ᠥᠷᠨᠢᠭᠦᠯᠦᠭᠰᠡᠨ ᠪᠠᠶᠢᠳᠠᠯ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠢ | ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠬᠥᠲᠥᠯᠥᠨ ᠳᠠᠭᠠᠭᠤᠯᠵᠤ ᠠᠬᠢᠭᠤᠯᠪᠠ᠃ ᠦᠨᠦ ᠵᠢᠯ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠵᠡᠮᠳᠡᠭᠴᠦᠳ ᠤᠨ ᠬᠤᠯᠪᠣᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠵᠡᠮᠳᠡᠭᠴᠦᠳ ᠦᠨᠦᠢᠯᠡᠰ ᠤᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠭᠡᠢ ᠵᠢᠯᠤᠭᠤᠲᠤᠯᠭ᠎ᠠ ᠪᠠᠨ ᠪᠤᠯᠭᠠᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠭᠤᠤᠯ ᠰᠡᠳᠦᠪᠲᠦ ᠬᠥᠮᠦᠵᠢᠯ ᠢ ᠨᠠᠷᠢᠨ ᠨᠢᠮᠪᠠᠶ ᠥᠷᠨᠢᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠵᠤ᠂ | ᠲᠤᠬᠠᠶᠢᠯᠠᠭᠰᠠᠨ ᠠᠵᠢᠯ ᠢᠶᠠᠨ ᠠᠬᠢᠭᠤᠯᠵᠤ᠂ ᠦᠢᠯᠡᠴᠢᠯᠡᠭᠡ ᠪᠠᠨ ᠴᠢᠩᠭᠠᠳᠬᠠᠵᠤ᠂ ᠪᠠᠶᠢᠭᠤᠯᠭ᠎ᠠ ᠶᠢᠨ ᠨᠠᠮ ᠤᠨ | ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠰᠢᠭᠤᠨ ᠤ ᠵᠡᠮᠳᠡᠭᠴᠦᠳ ᠤᠨ | ᠦᠢᠯᠡᠰ ᠤᠨ ᠪᠥᠬᠦ ᠲᠠᠯ᠎ᠠ ᠶᠢᠨ ᠬᠦᠭᠵᠢᠯᠲᠡ ᠶᠢ ᠬᠦᠴᠦᠲᠡᠶ ᠲᠦᠯᠬᠢᠨ ᠠᠬᠢᠭᠤᠯᠪᠠ᠃ ᠳᠡᠭᠡᠷ᠎ᠡ ᠬᠠᠭᠠᠰ ᠵᠢᠯ ᠳᠤ | ᠨᠠᠮ ᠤᠨ ᠡᠭᠦᠷ ᠠᠴᠠ 19 ᠤᠳᠠᠭᠠᠨ ᠤ ᠲᠥᠪᠯᠡᠷᠡᠩᠭᠦᠢ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠨᠠᠮ ᠤᠨ | ᠭᠡᠰᠢᠭᠦᠳ ᠤᠨ ᠶᠡᠭᠡ ᠬᠤᠷᠠᠯ ᠢ 2 ᠤᠳᠠᠭ᠎ᠠ ᠬᠤᠷᠠᠯᠳᠤᠭᠤᠯᠵᠤ᠂ ᠤᠳᠤᠷᠢᠳᠬᠤ ᠺᠠᠳ᠋ᠷᠴᠤᠳ ᠨᠠᠮ ᠤᠨ ᠬᠢᠴᠢᠶᠡᠯ | 2 ᠤᠳᠠᠭ᠎ᠠ ᠣᠷᠣᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ | ᠲᠤᠰᠬᠠᠢ ᠰᠡᠳᠦᠪᠲᠦ ᠰᠤᠷᠤᠯᠴᠠᠯᠭ᠎ᠠ 2 ᠤᠳᠠᠭ᠎ᠠ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠢ | ᠰᠡᠳᠦᠪᠲᠦ ᠰᠤᠷᠤᠯᠴᠠᠯᠭ᠎ᠠ 2 ᠤᠳᠠᠭ᠎ᠠ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠰᠤᠷᠤᠯᠴᠠᠯᠭ᠎ᠠ 2 ᠤᠳᠠᠭ᠎ᠠ ᠬᠢᠪᠡ᠃ ᠮᠠᠨ ᠤ | ᠬᠤᠰᠢᠭᠤᠨ ᠤ ᠬᠠᠷᠠᠭ᠎ᠠ ᠠᠯᠳᠠᠭᠰᠠᠳ ᠤᠨ ᠨᠡᠶᠢᠭᠡᠮᠯᠢᠭ ᠤᠨ ᠲᠡᠷᠢᠭᠦᠯᠡᠭᠴᠢ ᠮᠢᠶᠣᠣ ᠶᠦᠩ ᠯᠦ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ | ᠬᠠᠷᠠᠭ᠎ᠠ ᠠᠯᠳᠠᠭᠰᠠᠳ ᠤᠨ ᠨᠡᠶᠢᠭᠡᠮᠯᠢᠭ ᠤᠨ ᠬᠥᠬᠡᠬᠤᠲᠠ ᠳᠤ ᠡᠷᠭᠢᠯᠡᠭᠰᠡᠨ 33 ᠳ᠋ᠤᠭᠠᠷ ᠤᠳᠠᠭᠠᠨ ᠤ ︽ᠪᠥᠬᠦ | ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠢ ᠪᠡᠯᠭᠡᠯᠡᠬᠦ ᠵᠢᠴᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠮᠡᠳᠡᠯᠭᠡ ᠶᠢᠨ ᠤᠷᠤᠯᠳᠤᠭᠠᠨ ᠳᠤ ᠣᠷᠣᠯᠴᠠᠵᠤ᠂ ᠬᠤᠪᠢ ᠬᠥᠮᠦᠨ ᠤ ᠭᠤᠷᠪᠠᠳᠤᠭᠠᠷ ᠳᠡᠰ ᠤᠨ | ᠱᠠᠩᠨᠠᠯ ᠭᠥᠷᠳᠡᠪᠡ᠃ | ︵ᠬᠤᠶᠠᠷ ︶ ᠵᠡᠮᠳᠡᠭᠴᠦᠳ ᠢ ᠡᠷᠡᠭᠦᠯᠵᠢᠭᠦᠯᠬᠦ ᠠᠵᠢᠯ ᠢ ᠣᠨᠣᠪᠴᠢᠲᠠᠶ ᠰᠠᠶᠢᠨ ᠬᠡᠷᠡᠭᠵᠢᠭᠦᠯᠪᠡ᠃ ᠵᠡᠮᠳᠡᠭ | ᠬᠡᠦᠬᠡᠳ ᠢ ᠡᠷᠡᠭᠦᠯᠵᠢᠭᠦᠯᠵᠦ ᠠᠪᠤᠷᠠᠨ ᠲᠤᠰᠠᠯᠠᠬᠤ ᠶᠢ ᠢᠳᠡᠪᠬᠢᠲᠡᠶ ᠨᠠᠶᠢᠲᠠᠪᠤᠷᠢᠵᠢᠭᠤᠯᠪᠠ᠃ ᠳᠡᠭᠡᠷ᠎ᠡ ᠬᠠᠭᠠᠰ | ᠵᠢᠯ ᠳᠤ 10 ᠵᠡᠮᠳᠡᠭ ᠬᠡᠦᠬᠡᠳ ᠲᠤ ᠡᠷᠡᠭᠦᠯᠵᠢᠭᠦᠯᠬᠦ ᠪᠣᠯᠪᠠᠰᠤᠷᠠᠯ ᠵᠢᠴᠢ ᠠᠪᠤᠷᠠᠨ ᠲᠤᠰᠠᠯᠠᠬᠤ ᠲᠥᠷᠥᠯ ᠵᠦᠢᠯ ᠢ | ᠬᠡᠷᠡᠭᠵᠢᠭᠦᠯᠦᠭᠰᠡᠨ ᠪᠠᠶᠢᠨ᠎ᠠ᠃ ᠵᠡᠮᠳᠡᠭᠴᠦᠳ ᠢ ᠣᠨᠣᠪᠴᠢᠲᠠᠶ ᠰᠠᠶᠢᠨ ᠡᠷᠡᠭᠦᠯᠵᠢᠭᠦᠯᠬᠦ ᠦᠢᠯᠡᠴᠢᠯᠡᠭᠡ ᠶᠢ | ᠢᠳᠡᠪᠬᠢᠲᠡᠶ ᠦᠷᠨᠢᠭᠦᠯᠪᠡ᠃ ᠬᠢᠮᠡᠯ ᠮᠥᠴᠢ ᠶᠢᠨ ᠬᠡᠯᠪᠡᠷᠢ ᠵᠠᠰᠠᠭᠴᠢ ᠶᠢ 2 ᠲᠣᠬᠢᠷᠠᠭᠤᠯᠵᠤ᠂ ᠴᠠᠭᠠᠨ ᠬᠠᠷᠠᠩ ᠢ | ᠬᠠᠷᠠᠭ᠎ᠠ ᠣᠷᠣᠭᠤᠯᠬᠤ ᠮᠡᠰᠡ ᠵᠠᠰᠠᠯ 8 ᠶᠢ ᠬᠢᠨᠠᠨ ᠵᠥᠪᠰᠢᠶᠡᠷᠡᠵᠦ᠂ ᠨᠠᠰᠤᠨ ᠳᠤ ᠬᠦᠷᠦᠭᠰᠡᠳ ᠤᠨ ᠰᠣᠨᠣᠷ | ᠰᠠᠶᠢᠵᠢᠷᠠᠭᠤᠯᠤᠭᠴᠢ 30 ᠶᠢ ᠲᠤᠷᠰᠢᠨ ᠲᠣᠬᠢᠷᠠᠭᠤᠯᠪᠠ᠃ ᠵᠡᠮᠳᠡᠭᠴᠦᠳ ᠢ ᠣᠨᠣᠪᠴᠢᠲᠠᠶ ᠰᠠᠶᠢᠨ ᠡᠷᠡᠭᠦᠯᠵᠢᠭᠦᠯᠬᠦ | ᠦᠢᠯᠡᠴᠢᠯᠡᠭᠡ ᠶᠢᠨ ᠰᠦᠢᠳᠭᠡᠯ ᠬᠤᠷᠢᠶᠠᠬᠤ ᠥᠬᠡᠶ ᠪᠡᠶ᠎ᠡ ᠶᠢᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ 21 | ᠵᠡᠮᠳᠡᠭᠴᠦᠳ ᠲᠤ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠥᠭᠪᠡ᠃ ᠬᠡᠦᠬᠡᠳ ᠢ ᠡᠷᠡᠭᠦᠯᠵᠢᠭᠦᠯᠬᠦ ᠪᠠᠶᠢᠭᠤᠯᠤᠮᠵᠢ | ᠳᠤ ᠵᠢᠯ ᠤᠨ ᠰᠢᠯᠭᠠᠨ ᠪᠠᠶᠢᠴᠠᠭᠠᠯᠳᠠ ᠬᠢᠪᠡ᠃ ᠵᠢᠯ ᠤᠨ ᠡᠬᠢᠨ ᠳᠤ᠂ ᠪᠤᠭᠤᠲᠤ ᠬᠤᠲᠠ ᠶᠢᠨ ᠵᠡᠮᠳᠡᠭᠴᠦᠳ ᠤᠨ | ᠬᠤᠯᠪᠣᠭᠠᠨ ᠤ ᠰᠢᠰᠲ᠋ᠧᠮ ᠤᠨ ᠲᠣᠭᠲᠠᠭᠰᠠᠨ ᠴᠡᠭ ᠤᠨ ᠡᠷᠡᠭᠦᠯᠵᠢᠭᠦᠯᠬᠦ ᠪᠠᠶᠢᠭᠤᠯᠤᠮᠵᠢ ᠶᠢᠨ 2022 ᠣᠨ ᠠᠴᠠ | ᠨᠠᠰᠢᠬᠢ ᠵᠡᠮᠳᠡᠭ ᠬᠡᠦᠬᠡᠳ ᠢ ᠡᠷᠡᠭᠦᠯᠵᠢᠬᠦᠯᠬᠦ ᠲᠥᠷᠥᠯ ᠵᠦᠢᠯ ᠤᠨ ᠪᠠᠶᠢᠳᠠᠯ ᠢ ᠬᠢᠨᠠᠨ ᠰᠢᠯᠭᠠᠬᠤ ᠳᠤ ᠢᠳᠡᠪᠬᠢᠲᠡᠶ | ᠣᠷᠣᠯᠴᠠᠵᠤ᠂ ᠮᠠᠨ ᠤ ᠬᠤᠰᠢᠭᠤᠨ ᠤ 13 ᠵᠡᠮᠳᠡᠭ ᠬᠡᠦᠬᠡᠳ ᠢ ᠡᠷᠡᠭᠦᠯᠵᠢᠬᠦᠯᠬᠦ ᠠᠪᠤᠷᠠᠨ ᠲᠤᠰᠠᠯᠠᠬᠤ ᠲᠥᠷᠥᠯ | ᠵᠦᠢᠯ ᠤᠨ ᠦᠷᠨᠢᠭᠦᠯᠵᠦ ᠪᠠᠶᠢᠭ᠎ᠠ ᠪᠠᠶᠢᠳᠠᠯ ᠪᠠ ᠡᠷᠡᠭᠦᠯᠵᠢᠯ ᠤᠨ ᠦᠷ᠎ᠡ ᠪᠦᠲᠦᠮᠵᠢ ᠶᠢ ᠨᠠᠷᠢᠨ ᠣᠶᠢᠯᠠᠭᠠᠬᠤ ᠶᠢᠨ | ᠬᠠᠮᠲᠤ᠂ ᠡᠷᠦᠬᠡ ᠳᠤ ᠬᠥᠷᠬᠦ ᠪᠠ ᠤᠲᠠᠰᠤ ᠪᠠᠷ ᠬᠡᠷ ᠪᠦᠯᠢ ᠶᠢᠨ ᠬᠠᠷᠢᠭᠤ ᠰᠤᠷᠪᠤᠯᠵᠢᠯᠠᠭ᠎ᠠ ᠬᠢᠵᠦ᠂ ᠬᠠᠷᠢᠭᠤ | ᠰᠤᠷᠪᠤᠯᠵᠢᠯᠠᠭ᠎ᠠ ᠶᠢᠨ ᠬᠠᠨᠤᠮᠵᠢ ᠶᠢᠨ ᠬᠡᠮᠵᠢᠶ᠎ᠡ ᠨᠢ 90 % ᠳᠤ ᠬᠦᠷᠴᠡᠢ᠃ ᠵᠡᠮᠳᠡᠭᠴᠦᠳ ᠤᠨ ᠲᠤᠰᠠᠯᠠᠬᠤ | ᠪᠠᠭᠠᠵᠢ ᠬᠡᠷᠡᠭᠰᠡᠯ ᠢ ︽ᠰᠠᠷ᠎ᠠ︾ ᠳᠤ ᠦᠨᠡᠯᠡᠨ ᠵᠢᠱᠢᠬᠦ᠂ ᠲᠤᠷᠰᠢᠨ ᠲᠣᠬᠢᠷᠠᠭᠤᠯᠬᠤ ᠠᠵᠢᠯ ᠢ ᠦᠷᠨᠢᠭᠦᠯᠪᠡ᠃ | ︽ᠰᠠᠷ᠎ᠠ︾ ᠳᠤ ᠦᠨᠡᠯᠡᠨ ᠵᠢᠱᠢᠬᠦ᠂ ᠲᠤᠷᠰᠢᠨ ᠲᠤᠬᠢᠷᠠᠭᠤᠯᠬᠤ ᠠᠷᠭ᠎ᠠ ᠮᠠᠶ᠋ᠢᠭ ᠢᠶᠠᠷ᠂ ᠳᠡᠭᠡᠷ᠎ᠡ ᠬᠠᠭᠠᠰ ᠵᠢᠯ ᠳᠤ | 35 ᠬᠤᠪᠢ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠴᠡᠭᠡ ᠶᠢ ᠦᠨᠡᠯᠡᠨ ᠵᠢᠱᠢᠵᠦ᠂ ᠤᠲᠤ ᠶᠠᠭ ᠲᠠᠷᠬᠠᠭᠠᠵᠤ | ᠪᠠᠶᠢᠨ᠎ᠠ᠃ᠡᠷᠡᠭᠦᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠦᠷᠨᠢᠭᠦᠯᠪᠡ᠃ ︽ᠪᠥᠬᠦ ᠤᠯᠤᠰ ᠤᠨ | ᠴᠢᠬᠢ ᠪᠠᠨ ᠬᠠᠶᠢᠷᠠᠯᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ 100 ᠭᠠᠷᠤᠶ | ᠰᠠᠭᠤᠭᠠᠯᠢ ᠠᠷᠠᠳ ᠲᠤ ᠴᠢᠬᠢᠨ ᠤ ᠡᠪᠡᠳᠴᠢᠨ ᠤ ᠠᠯᠪᠠᠨ ᠵᠢᠷᠤᠮ ᠤᠨ ᠡᠮᠴᠢᠯᠡᠭᠡ ᠪᠠ ᠵᠥᠪᠯᠡᠯᠭᠡ ᠥᠭᠬᠦ | ᠦᠢᠯᠡᠴᠢᠯᠡᠭᠡ ᠬᠢᠵᠦ᠂ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ ︽ᠳᠡᠯᠡᠬᠡᠶ ᠶᠢᠨ | ᠵᠤᠵᠢᠭ ᠭᠡᠮ ᠤᠨ ᠡᠳᠦᠷ︾ ᠤᠨ ᠵᠤᠵᠢᠭ ᠭᠡᠮ ᠲᠠᠢ ᠬᠡᠦᠬᠡᠳ ᠢ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ | ᠥᠷᠨᠢᠭᠦᠯᠵᠦ᠂ ᠮᠠᠨ ᠤ ᠬᠤᠰᠢᠭᠤᠨ ᠤ ᠪᠤᠭᠤᠲᠤ ᠬᠤᠲᠠ ᠶᠢᠨ ᠡᠷᠡᠭᠦᠯᠵᠢᠭᠦᠯᠬᠦ ᠪᠠᠶᠢᠭᠤᠯᠤᠮᠵᠢ ᠳᠤ ᠡᠷᠡᠭᠦᠯᠵᠢᠭᠦᠯᠬᠦ | ᠪᠣᠯᠪᠠᠰᠤᠷᠠᠯ ᠬᠢᠵᠦ ᠪᠠᠶᠢᠭ᠎ᠠ 4 ᠭᠠᠭᠴᠠᠭᠠᠷᠳᠠᠬᠤ ᠭᠡᠮ ᠲᠠᠢ ᠬᠡᠦᠬᠡᠳ ᠢ ᠪᠣᠯᠭᠤᠭᠠᠨ ᠲᠣᠬᠤᠨᠢᠭᠤᠯᠵᠤ᠂ ᠬᠥᠮᠦᠨ | ᠪᠦᠷᠢ ᠳᠤ 500 ᠲᠥᠭᠦᠷᠢᠭ ᠤᠨ ᠬᠠᠶᠢᠷ᠎ᠠ ᠬᠠᠯᠠᠮᠵᠢ ᠶᠢᠨ ᠮᠥᠩᠭᠦ ᠣᠯᠭᠤᠪᠠ᠃ ︽ᠪᠥᠬᠦ ᠤᠯᠤᠰ ᠤᠨ | ᠨᠢᠳᠦ ᠪᠠᠨ ᠬᠠᠶᠢᠷᠠᠯᠠᠬᠤ ᠡᠳᠦᠷ︾ ᠤᠨ ᠠᠵᠢᠯᠯᠠᠭ᠎ᠠ ᠶᠢ ᠥᠷᠨᠢᠭᠦᠯᠵᠦ᠂ ᠨᠡᠶᠢᠲᠡ 50 ᠵᠡᠮᠳᠡᠭᠴᠦᠳ ᠲᠤ | ᠨᠢᠳᠦᠨ ᠤ ᠡᠷᠡᠭᠦᠯ ᠮᠡᠨᠳᠦ ᠶᠢᠨ ᠰᠢᠭᠰᠢᠨ ᠪᠠᠶᠢᠴᠠᠭᠠᠯᠲᠠ ᠬᠠᠩᠭᠠᠵᠤ᠂ 34 ᠵᠡᠮᠳᠡᠭᠴᠦᠳ ᠲᠤ ᠡᠷᠡᠭᠦᠯ ᠮᠡᠨᠳᠦ ᠶᠢᠨ | ᠪᠡᠶ᠎ᠡ ᠶᠢᠨ ᠪᠠᠶᠢᠴᠠᠭᠠᠯᠲᠠ ᠵᠢᠴᠢ ᠶᠠᠰᠤᠨ ᠤ ᠡᠪᠡᠳᠴᠢᠨ ᠤ ᠵᠢᠷᠤᠮ ᠤᠨ ᠡᠮᠴᠢᠯᠡᠭᠡᠨ ᠤ ᠦᠢᠯᠡᠴᠢᠯᠡᠭᠡ ᠬᠠᠩᠭᠠᠵᠤ᠂ | 3 ᠵᠡᠮᠳᠡᠭ ᠬᠦᠮᠦᠨ ᠳᠤ ᠦᠨ᠎ᠡ ᠲᠥᠯᠥᠪᠦᠷᠢ ᠥᠬᠡᠶ ᠪᠠᠷ ᠲᠤᠰᠠᠯᠠᠬᠤ ᠪᠠᠭᠠᠵᠢ ᠬᠡᠷᠡᠭᠰᠡᠯ ᠣᠯᠭᠤᠪᠠ᠃ | ︵ᠭᠤᠷᠪᠠ︶ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠠᠵᠢᠯ ᠢ ᠯᠠᠪᠳᠠᠭᠤᠨ ᠢᠶᠠᠷ | ᠲᠦᠯᠬᠢᠨ ᠠᠬᠢᠭᠤᠯᠪᠠ᠃ ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ | ᠬᠡᠯᠲᠡᠰ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ 4 ᠲᠠᠯᠠᠪᠤᠷ ᠵᠡᠮᠳᠡᠭᠴᠦᠳ ᠢ ᠤᠷᠢᠵᠤ ᠡᠯᠰᠡᠬᠦ ᠲᠤᠰᠬᠠᠶ ᠬᠤᠷᠠᠯ ᠢ ᠦᠷᠨᠢᠭᠦᠯᠪᠡ᠂ ᠡᠭᠦᠨ | ᠳᠤ 2 ᠲᠠᠯᠠᠪᠤᠷ ᠨᠢ ᠰᠦᠯᠵᠢᠶᠡᠨ ᠳᠡᠭᠡᠷ᠎ᠡ ᠶᠠᠪᠤᠭᠳᠠᠵᠤ᠂ 2 ᠲᠠᠯᠠᠪᠤᠷ ᠨᠢ ᠲᠤᠬᠠᠶ ᠶᠢᠨ ᠲᠠᠯᠠᠪᠤᠷ ᠲᠤ ᠶᠠᠪᠤᠭᠳᠠᠪᠠ | ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠤᠸᠠᠨ ᠲᠦᠩ ᠲᠦᠷᠭᠡᠨ ᠬᠦᠷᠭᠡᠯᠲᠡ ᠶᠢᠨ ᠺᠣᠮᠫᠠᠨᠢ ᠶᠢ | ᠵᠣᠬᠢᠴᠠᠭᠤᠯᠵᠤ᠂ ︽ᠶᠤᠸᠠᠨ ᠮᠧᠩ ᠵᠢᠶᠠ ᠶᠤᠸᠠᠨ︾ ᠲᠦᠷᠭᠡᠨ ᠬᠦᠷᠭᠡᠯᠲᠡ ᠶᠢᠨ ᠥᠷᠲᠡᠭᠡ ᠶᠢ ᠪᠠᠶᠢᠭᠤᠯᠵᠤ᠂ 1 | ᠵᠠᠮᠲᠡᠭ ᠬᠦᠮᠦᠨ ᠳᠤ ᠠᠵᠢᠯ ᠤᠨ ᠪᠠᠶᠢᠷᠢ ᠬᠠᠩᠭᠠᠪᠠ᠃ ᠵᠡᠮᠳᠡᠭᠴᠦᠳ ᠢ ᠬᠠᠷᠢᠴᠠᠯ ᠢᠶᠠᠷ ᠠᠵᠢᠯ ᠣᠯᠭᠤᠬᠤ ᠶᠢ | ᠢᠳᠡᠪᠬᠢᠲᠡᠶ ᠪᠠᠷ ᠲᠦᠯᠬᠢᠨ ᠠᠬᠢᠭᠤᠯᠵᠤ᠂ 4 ᠵᠡᠮᠳᠡᠭ ᠬᠦᠮᠦᠨ ᠳᠤ ᠠᠵᠢᠯ ᠤᠨ ᠪᠠᠶᠢᠷᠢ ᠬᠠᠩᠭᠠᠵᠤ᠂ ᠡᠭᠦᠨ ᠳᠤ | ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠠᠴᠠ 1 ᠵᠡᠮᠳᠡᠭ ᠣᠶᠤᠲᠠᠨ ᠢ ᠡᠯᠰᠡᠨ ᠠᠪᠴᠤ᠂ ᠠᠵᠤ | ᠠᠬᠤᠶᠢᠯᠠᠯ ᠳᠤ 3 ᠵᠡᠮᠳᠡᠭ ᠬᠦᠮᠦᠨ ᠳᠤ ᠠᠵᠢᠯ ᠳᠤᠬᠢᠷᠠᠭᠤᠯᠪᠠ᠃ ᠰᠤᠮᠤ ᠰᠢᠶᠠᠩ ᠪᠠᠯᠭᠠᠰᠤ ᠶᠢᠨ ᠵᠡᠮᠳᠡᠭᠴᠦᠳ | ᠤᠨ ᠬᠤᠯᠪᠣᠭᠠᠲᠤ ᠬᠤᠷᠠᠯ ᠢ ᠵᠣᠬᠢᠶᠠᠨ ᠪᠠᠶᠢᠭᠤᠯᠤᠨ ᠵᠡᠮᠳᠡᠭᠴᠦᠳ ᠤᠨ ᠪᠤᠯᠪᠠᠰᠤᠷᠠᠯ ᠢ 2 ᠬᠤᠭᠤᠴᠠᠭ᠎ᠠ ᠡᠷᠬᠢᠯᠡᠵᠦ᠂ | ᠨᠡᠶᠢᠳᠡ 10 ᠨᠡᠷᠡᠰ ᠵᠡᠮᠳᠡᠭᠴᠦᠳ ᠪᠤᠯᠪᠠᠰᠤᠷᠠᠯ ᠳᠤ ᠤᠷᠤᠯᠴᠠᠪᠠ᠃ ᠲᠠᠷᠢᠶᠠᠯᠠᠬᠤ ᠣᠷᠣᠨ ᠤ 4 ᠰᠢᠶᠠᠩ | ᠪᠠᠯᠭᠠᠰᠤᠨ ᠤ ᠨᠠᠮ ᠤᠨ ᠡᠭᠦᠷ ᠤᠨ ᠳᠠᠭᠠᠭᠤᠯᠤᠨ ᠡᠷᠬᠢᠯᠡᠭᠰᠡᠨ ᠬᠤᠷᠰᠢᠶ᠎ᠠ ᠪᠠᠷ ᠳᠠᠮᠵᠢᠭᠤᠯᠤᠨ ᠨᠡᠶᠢᠲᠡ 17 | ᠵᠡᠮᠳᠡᠭᠴᠦᠳ ᠲᠤ ᠠᠵᠢᠯ ᠣᠯᠭᠤᠪᠠ᠃ | ︵ᠳᠥᠷᠪᠡ︶ ᠵᠡᠮᠳᠡᠭᠴᠦᠳ ᠤᠨ ᠰᠤᠷᠭᠠᠨ ᠬᠦᠮᠦᠵᠢᠭᠦᠯᠵᠦ ᠠᠪᠤᠷᠠᠨ ᠲᠤᠰᠠᠯᠠᠬᠤ ᠠᠵᠢᠯ ᠢ ᠡᠮᠬᠢ | ᠵᠢᠷᠤᠮ ᠲᠠᠢ ᠪᠠᠷ ᠦᠷᠨᠢᠭᠦᠯᠪᠡ᠃ ᠨᠢᠭᠡ ᠳᠤ᠂ ᠪᠥᠬᠦ ᠬᠤᠰᠢᠭᠤᠨ ᠤ 70 ᠨᠡᠷᠡᠰ ᠨᠠᠰᠤᠨ ᠳᠤ ᠥᠯᠥ ᠬᠥᠷᠬᠦ | ᠵᠡᠮᠳᠡᠭᠴᠦᠳ ᠤᠨ ᠦᠨᠳᠦᠰᠦᠨ ᠪᠠᠶᠢᠳᠠᠯ ᠳᠤ ᠴᠢᠭᠯᠡᠭᠦᠯᠦᠨ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠯᠠᠨ | ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ | ᠨᠠᠰᠤᠨ ᠳᠤ ᠥᠯᠥ ᠬᠥᠷᠬᠦ ᠵᠡᠮᠳᠡᠭᠴᠦᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠵᠡᠷᠭᠡ ᠦᠵᠡᠯ ᠰᠠᠨᠠᠭ᠎ᠠ ᠶᠣᠰᠣ | ᠮᠣᠷᠠᠯ ᠤᠨ ᠪᠠᠶᠢᠭᠤᠯᠤᠯᠲᠠ ᠶᠢᠨ ᠠᠵᠢᠯᠯᠠᠭ᠎ᠠ ᠦᠷᠨᠢᠭᠦᠯᠵᠡᠢ᠃ ᠬᠤᠶᠠᠷ ᠲᠤ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠠᠨ ᠠᠨ ᠬᠡᠦᠬᠡᠳ ᠤᠨ ᠴᠡᠴᠡᠷᠯᠢᠭ ᠲᠤ ᠲᠥᠪᠬᠢᠨᠡᠭᠦᠯᠦᠭᠰᠡᠨ 3 ᠵᠡᠮᠳᠡᠭ ᠬᠡᠦᠬᠡᠳ ᠲᠤ | ᠪᠠᠶᠢᠭᠤᠯᠤᠮᠵᠢ ᠶᠢᠨ ᠨᠥᠬᠦᠪᠥᠷᠢ 6000 ᠲᠥᠭᠦᠷᠢᠭ ᠤᠯᠭᠤᠪᠠ᠃ ᠭᠤᠷᠪᠠ ᠳᠤ᠂ ᠶᠡᠭᠡ ᠰᠤᠷᠭᠠᠭᠤᠯᠢ ᠳᠤ | ᠰᠢᠯᠭᠠᠨ ᠤᠷᠤᠭᠰᠠᠨ 4 ᠵᠡᠮᠲᠡᠭ ᠬᠦᠮᠦᠨ ᠳᠤ ᠵᠣᠭᠤᠰ ᠢᠶᠠᠷ ᠲᠤᠰᠠᠯᠠᠵᠤ᠂ ᠡᠭᠦᠨ ᠳᠤ ᠵᠢᠩᠬᠢᠨᠢ ᠠᠩᠭᠢ ᠶᠢᠨ | ᠣᠶᠤᠲᠠᠨ 1 ᠬᠦᠮᠦᠨ᠂ ᠲᠤᠰᠬᠠᠶ ᠠᠩᠭᠢ ᠶᠢᠨ ᠣᠶᠤᠲᠠᠨ 3 ᠬᠦᠮᠦᠨ ᠪᠠᠶᠢᠵᠤ᠂ ᠨᠡᠶᠢᠲᠡ 5000 ᠲᠥᠭᠦᠷᠢᠭ | ᠲᠤᠰᠠᠯᠠᠪᠠ᠃ ᠳᠥᠷᠪᠡ ᠳᠤ᠂ ᠵᠡᠮᠳᠡᠭ ᠰᠤᠷᠤᠭᠴᠢᠳ ᠢ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ︽ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠤᠨ ᠬᠤᠭᠤᠴᠠᠭᠠᠨ ᠳᠤ᠂ ᠰᠤᠷᠭᠠᠨ | ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ 3 ᠵᠡᠮᠳᠡᠭ ᠬᠡᠦᠬᠡᠳ ᠲᠤ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ | ᠦᠢᠯᠡᠴᠢᠯᠡᠭᠡ ᠬᠢᠬᠦ ᠶᠢᠨ ᠬᠠᠮᠲᠤ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠭᠤᠤᠯ ᠰᠡᠳᠦᠪᠲᠦ ᠤᠬᠠᠭᠤᠯᠤᠨ | ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠭᠰᠠᠨ ᠵᠡᠮᠳᠡᠭᠴᠦᠳ ᠤᠨ | ᠨᠡᠶᠢᠲᠡᠯᠢᠭ ᠵᠢᠱᠢᠶᠡᠴᠢ ᠶᠢ ᠤᠷᠢᠵᠤ ᠪᠠᠲᠤᠬᠠᠭᠠᠯᠭ᠎ᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ 200 | ᠭᠠᠷᠤᠶ ᠰᠤᠷᠤᠭᠴᠢᠳ ᠲᠤ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠤᠷᠤᠪᠠ᠃ ᠵᠢᠷᠭᠤᠭᠠᠨ ᠰᠠᠷ᠎ᠠ ᠶᠢᠨ | ᠨᠢᠭᠡᠨ ᠤ ᠬᠡᠦᠬᠡᠳ ᠤᠨ ᠪᠠᠶᠠᠷ ᠤᠨ ᠡᠳᠦᠷ ᠬᠠᠯᠠᠮᠵᠢᠯᠠᠨ ᠲᠣᠬᠤᠨᠢᠭᠤᠯᠬᠤ ᠠᠵᠢᠯᠯᠠᠭ᠎ᠠ ᠦᠷᠨᠢᠭᠦᠯᠵᠦ᠂ ᠠᠨ ᠠᠨ | ᠬᠡᠦᠬᠡᠳ ᠤᠨ ᠴᠡᠴᠡᠷᠯᠢᠭ ᠤᠨ 3 ᠵᠡᠮᠳᠡᠭ ᠬᠡᠦᠬᠡᠳ ᠢ ᠪᠣᠯᠭᠤᠭᠠᠨ ᠲᠣᠬᠤᠨᠢᠭᠤᠯᠵᠤ᠂ ᠬᠡᠦᠬᠡᠳ ᠤᠳ ᠲᠤ | ᠰᠤᠷᠤᠯᠭ᠎ᠠ ᠶᠢᠨ ᠬᠡᠷᠡᠭᠰᠡᠯ ᠵᠢᠴᠢ ᠪᠠᠶᠠᠷ ᠤᠨ ᠡᠳᠦᠷ ᠤᠨ ᠵᠥᠩᠨᠡᠯ ᠳᠡᠪᠰᠢᠭᠦᠯᠪᠡ᠃ | ︵ᠲᠠᠪᠤ︶ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠬᠦᠴᠦᠲᠡᠶ ᠨᠠᠶᠢᠳᠠᠪᠤᠷᠢᠵᠢᠭᠤᠯᠪᠠ᠃ | ᠨᠢᠭᠡ ᠳᠤ᠂ ᠬᠦᠴᠢᠷᠳᠡᠯᠲᠡᠶ ᠵᠡᠮᠳᠡᠭᠴᠦᠳ ᠢ ᠲᠣᠬᠤᠨᠢᠭᠤᠯᠵᠤ ᠲᠤᠰᠠᠯᠠᠬᠤ ᠠᠵᠢᠯ ᠢ ᠰᠠᠶᠢᠲᠤᠷ ᠬᠢᠪᠡ᠃ ᠰᠢᠨ᠎ᠡ ᠵᠢᠯ | ᠴᠠᠭᠠᠨ ᠰᠠᠷ᠎ᠠ ᠶᠢᠨ ᠬᠤᠭᠤᠴᠠᠭᠠᠨ ᠳᠤ᠂ ᠣᠨᠴᠠ ᠬᠦᠴᠢᠷᠳᠡᠯᠲᠡᠶ ᠵᠡᠮᠳᠡᠭᠴᠦᠳ᠂ ᠵᠡᠮᠳᠡᠭ ᠬᠡᠦᠬᠡᠳ᠂ ᠬᠢᠯᠪᠠᠷᠬᠠᠨ | ᠳᠠᠬᠢᠭᠠᠳ ᠶᠠᠳᠠᠭᠤᠷᠠᠬᠤ ᠬᠢᠨᠠᠯᠳᠡ ᠡᠷᠦᠬᠡ᠂ ᠬᠦᠨᠳᠦ ᠶᠡᠭᠡ ᠡᠪᠡᠳᠴᠢᠨ ᠳᠤ ᠨᠡᠷᠪᠡᠭᠲᠡᠭᠰᠡᠳ ᠵᠡᠷᠭᠡ 98 ᠶᠠᠳᠠᠭᠤ | ᠬᠦᠴᠢᠷᠳᠡᠯᠲᠡᠶ ᠵᠡᠮᠳᠡᠭᠴᠦᠳ ᠤᠨ ᠬᠡᠷ ᠪᠦᠯᠢ ᠶᠢ ᠪᠣᠯᠭᠤᠭᠠᠨ ᠲᠣᠬᠤᠨᠢᠭᠤᠯᠵᠤ᠂ 7.8 ᠲᠦᠮᠡᠨ ᠲᠥᠭᠦᠷᠢᠭ ᠤᠨ | ᠪᠠᠯᠠ ᠮᠥᠩᠭᠦ ᠣᠷᠣᠭᠤᠯᠪᠠ᠃ ᠬᠤᠶᠠᠷ ᠲᠤ᠂ ᠬᠦᠴᠢᠷᠳᠡᠯᠲᠡᠶ ᠵᠡᠮᠳᠡᠭᠴᠦᠳ ᠲᠤ ︽ᠬᠠᠶᠢᠷ᠎ᠠ ᠬᠠᠯᠠᠮᠵᠢ ᠶᠢᠨ | ᠡᠮ ᠤᠨ ᠪᠣᠭᠴᠣ︾ ᠤᠯᠭᠤᠪᠠ᠃ ᠲᠠᠷᠢᠶᠠᠯᠠᠬᠤ ᠣᠷᠣᠨ ᠤ ᠰᠢᠶᠠᠩ ᠪᠠᠯᠭᠠᠰᠤ ᠶᠢᠨ ᠬᠦᠴᠢᠷᠳᠡᠯᠲᠡᠶ | ᠵᠡᠮᠳᠡᠭᠴᠦᠳ ᠲᠤ ᠪᠠᠴᠢᠮ ᠪᠠᠶᠢᠳᠠᠯ ᠢ ᠠᠷᠭᠠᠴᠠᠬᠤ ᠡᠮ ᠰᠠᠪᠠᠯᠠᠭᠰᠠᠨ ︽ᠬᠠᠶᠢᠷ᠎ᠠ ᠬᠠᠯᠠᠮᠵᠢ ᠶᠢᠨ ᠡᠮ ᠤᠨ ᠪᠣᠭᠴᠣ ︾ | ᠨᠡᠶᠢᠲᠡ 281 ᠬᠤᠪᠢ ᠤᠯᠭᠤᠵᠠᠢ᠃ ᠭᠤᠷᠪᠠ ᠳᠤ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ ︾ | ᠶᠢ ᠬᠢᠨᠠᠨ ᠬᠠᠷᠭᠤᠭᠤᠯᠵᠤ ᠣᠯᠭᠤᠬᠤ ᠠᠵᠢᠯ ᠢ ᠦᠨᠡᠨ ᠬᠦ ᠰᠠᠶᠢᠲᠤᠷ ᠬᠢᠪᠡ᠃ ᠰᠠᠷ᠎ᠠ ᠪᠦᠷᠢ ᠠᠷᠠᠳ ᠤᠨ | ᠶᠠᠪᠤᠳᠠᠯ ᠤᠨ ᠲᠤᠪᠴᠢᠶ᠎ᠠ ᠲᠠᠢ ᠢᠳᠡᠪᠬᠢᠲᠡᠢ ᠬᠠᠮᠵᠢᠯᠴᠠᠨ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠥᠷᠢ︾ | ᠶᠢ ᠴᠠᠭ ᠲᠤᠬᠠᠢ ᠲᠤᠨᠢ ᠬᠢᠨᠠᠨ ᠬᠠᠷᠭᠤᠭᠤᠯᠵᠤ ᠤᠯᠭᠤᠨ᠂ ᠳᠡᠭᠡᠷ᠎ᠡ ᠬᠠᠭᠠᠰ ᠵᠢᠯ ᠳᠤ ᠵᠡᠮᠳᠡᠭᠴᠦᠳ ᠤᠨ ᠬᠦᠨᠲᠦ | ᠠᠰᠠᠷᠠᠯᠭᠠ ᠶᠢᠨ ᠨᠦᠬᠦᠪᠦᠷᠢ ᠶᠢ 6273 ᠬᠥᠮᠦᠨ ︵ᠤᠳᠠᠭ᠎ᠠ︶ ᠳᠤ ᠤᠯᠭᠤᠵᠤ᠂ ᠵᠡᠮᠳᠡᠭᠴᠦᠳ ᠤᠨ ᠠᠮᠢᠳᠤᠷᠠᠯ | ᠤᠨ ᠬᠦᠴᠢᠷᠳᠡᠯ ᠤᠨ ᠨᠥᠬᠦᠪᠥᠷᠢ ᠶᠢ 12735 ᠬᠥᠮᠦᠨ ︵ᠤᠳᠠᠭ᠎ᠠ︶ ᠳᠤ ᠣᠯᠭᠤᠪᠠ᠃ | ︵ᠵᠢᠷᠭᠤᠭ᠎ᠠ︶ ᠵᠡᠮᠳᠡᠭᠴᠦᠳ ᠢ ᠵᠤᠬᠢᠶᠠᠨ ᠪᠠᠶᠢᠭᠤᠯᠵᠤ ᠬᠤᠯᠪᠤᠭ᠎ᠠ ᠠᠪᠬᠤ ᠠᠵᠢᠯ ᠢ ᠤᠯᠠᠮ ᠪᠠᠬᠢᠵᠢᠭᠦᠯᠪᠡ | ᠃ ᠵᠡᠮᠳᠡᠭᠴᠦᠳ ᠤᠨ ᠦᠨᠡᠮᠯᠡᠯ ᠠᠪᠬᠤ ᠠᠵᠢᠯ ᠢ ᠢᠳᠡᠪᠬᠢᠲᠡᠶ ᠰᠠᠶᠢᠲᠤᠷ ᠠᠳᠬᠤᠵᠤ᠂ ᠣᠲᠣ ᠪᠣᠯᠲᠠᠯ᠎ᠠ ᠨᠡᠶᠢᠲᠡ | 293 ᠬᠥᠮᠦᠨ ᠦᠨᠡᠮᠯᠡᠯ ᠠᠪᠴᠤ᠂ ᠡᠭᠦᠨ ᠳᠤ ᠰᠢᠨ᠎ᠡ ᠪᠠᠷ ᠬᠦᠢᠴᠡᠳᠭᠡᠭᠰᠡᠨ ᠵᠡᠮᠳᠡᠭ ᠬᠥᠮᠦᠨ ᠤ ᠦᠨᠡᠮᠯᠡᠯ 93 | ᠪᠠᠶᠢᠵᠤ᠂ 102 ᠬᠥᠮᠦᠨ ᠤ ᠦᠨᠡᠮᠯᠡᠯ ᠢ ᠬᠤᠪᠢᠷᠠᠭᠤᠯᠵᠤ᠂ 98 ᠬᠥᠮᠦᠨ ᠤ ᠦᠨᠡᠮᠯᠡᠯ ᠢ ᠬᠦᠴᠦᠨ ᠥᠬᠡᠶ | ᠪᠣᠯᠭᠠᠪᠠ᠃ ︽ᠤᠮᠠᠷᠠᠲᠤ ᠬᠢᠯᠢ ᠶᠢᠨ ᠰᠠᠶᠢᠨ ᠳᠤᠷᠠᠳᠠᠳ︾ ᠪᠤᠭᠤᠲᠤ ᠬᠤᠲᠠ ᠶᠢᠨ ᠵᠡᠮᠳᠡᠭᠴᠦᠳ ᠤᠨ | ᠬᠤᠯᠪᠣᠭ᠎ᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠯᠦ ᠴᠧᠩ ᠰᠠᠨ ᠶᠤᠸᠠᠢ ᠹᠧᠩ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢ ᠲᠠᠩᠰᠠᠯᠠᠭᠤᠯᠵᠤ᠂ ᠣᠳᠣᠬᠠᠨ ᠳᠤ 13 ᠰᠠᠶᠢᠨ ᠳᠤᠷ᠎ᠠ ᠶᠢᠨ | ᠠᠵᠢᠯᠯᠠᠭᠴᠢ ᠲᠠᠢ ᠪᠤᠯᠵᠤ᠂ ᠡᠯ᠎ᠡ ᠲᠥᠷᠥᠯ ᠤᠨ ᠵᠡᠮᠳᠡᠭᠴᠦᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠶᠢ 16 ᠤᠳᠠᠭ᠎ᠠ ᠥᠷᠨᠢᠭᠦᠯᠪᠡ᠃ ︽ᠲᠤᠰᠬᠠᠢ ᠲᠤᠰᠢᠶᠠᠯᠲᠤ ᠭᠡᠰᠢᠭᠦᠨ ᠤ ᠠᠵᠢᠯ ᠤᠨ ᠳᠦᠷᠢᠮᠵᠢᠯ︾ | ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠵᠡᠮᠳᠡᠭᠴᠦᠳ ᠤᠨ ᠲᠤᠰᠬᠠᠢ ᠲᠤᠰᠢᠶᠠᠯᠲᠤ ᠭᠡᠰᠢᠭᠦᠨ ᠢ ᠬᠢᠨᠠᠨ ᠰᠢᠯᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ | ᠠᠷᠭ᠎ᠠ︾ ᠶᠢ ᠲᠣᠭᠲᠠᠭᠠᠵᠤ᠂ ᠲᠤᠰᠬᠠᠢ ᠲᠤᠰᠢᠶᠠᠯᠲᠤ ᠭᠡᠰᠢᠭᠦᠨ ᠤ ᠬᠢᠨᠠᠨ ᠰᠢᠯᠭᠠᠯᠲᠠ ᠪᠠ ᠬᠠᠮᠢᠶᠠᠷᠤᠯᠲᠠ ᠶᠢ | ᠤᠯᠠᠮ ᠨᠢᠭᠡ ᠠᠯᠬᠤᠮ ᠴᠢᠩᠭᠠᠳᠬᠠᠪᠠ᠃ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠡᠮᠳᠡᠭᠴᠦᠳ ᠤᠨ | ᠦᠨᠡᠮᠯᠡᠯ ᠢ ᠭᠥᠯᠢᠶᠡᠨ ᠠᠪᠴᠤ ᠰᠢᠢᠳᠪᠦᠷᠢᠯᠡᠬᠦ᠂ ᠣᠯᠭᠤᠬᠤ ᠡᠷᠬᠡ ᠶᠢᠨ ᠬᠢᠵᠠᠭᠠᠷ ᠤᠨ ᠨᠠᠶᠢᠳᠠᠯᠭ᠎ᠠ ᠶᠢᠨ ᠠᠵᠢᠯ ᠤᠨ | ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠵᠡᠮᠳᠡᠭᠴᠦᠳ ᠤᠨ ᠦᠨᠡᠮᠯᠡᠯ ᠤᠨ ᠵᠠᠷᠢᠮ ᠡᠷᠬᠡ ᠶᠢ ᠰᠤᠮᠤ ᠰᠢᠶᠠᠩ | ᠪᠠᠯᠭᠠᠰᠤᠨ ᠳᠤ ᠪᠠᠭᠤᠯᠭᠠᠵᠤ᠂ ᠵᠡᠮᠳᠡᠭᠴᠦᠳ ᠤᠨ ᠦᠨᠡᠮᠯᠡᠯ ᠢ ᠬᠦᠢᠴᠡᠳᠭᠡᠬᠦ ᠳᠤ ᠤᠯᠠᠮ ᠨᠢᠭᠡ ᠠᠯᠬᠤᠮ ᠲᠥᠬᠦᠮ | ᠦᠵᠡᠭᠦᠯᠪᠡ᠃ ᠵᠡᠮᠳᠡᠭᠴᠦᠳ ᠤᠨ ᠦᠨᠡᠮᠯᠡᠯ ᠬᠦᠢᠴᠡᠳᠭᠡᠬᠦ ᠪᠠ ᠰᠢᠯᠭᠠᠨ ᠲᠣᠭᠲᠠᠭᠠᠬᠤ ᠠᠵᠢᠯ ᠢ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠵᠢᠯᠯᠠᠬᠤ ᠶᠢ ᠠᠬᠢᠭᠤᠯᠵᠤ᠂ | ᠬᠤᠰᠢᠭᠤᠨ ᠤ ᠡᠮᠨᠡᠯᠭᠡ ᠶᠢᠨ ᠬᠤᠷᠢᠶ᠎ᠠ ᠳᠤ ᠦᠨᠡᠮᠯᠡᠯ ᠬᠦᠢᠴᠡᠳᠭᠡᠬᠦ ᠦᠢᠯᠡᠴᠢᠯᠡᠭᠡᠨ ᠤ ᠲᠠᠰᠤᠭ ᠭᠠᠷᠭᠠᠵᠤ᠂ | ᠵᠡᠮᠳᠡᠭᠴᠦᠳ ᠤᠨ ᠦᠨᠡᠮᠯᠡᠯ ᠬᠦᠢᠴᠡᠳᠭᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠪᠡ᠃ | ︵ᠳᠣᠯᠤᠭ᠎ᠠ︶ ᠵᠡᠮᠳᠡᠭᠴᠦᠳ ᠤᠨ ᠵᠠᠬᠢᠳᠠᠯ ᠰᠤᠷᠪᠤᠯᠵᠢᠯᠠᠭ᠎ᠠ ᠪᠠᠷ ᠡᠷᠬᠡ ᠠᠰᠢᠭ ᠢᠶᠠᠨ ᠬᠠᠮᠠᠭᠠᠯᠠᠬᠤ ᠠᠵᠢᠯ ᠢ | ᠦᠷᠭᠦᠯᠵᠢᠯᠡᠨ ᠪᠠᠲᠤᠳᠬᠠᠪᠠ᠃ ᠵᠡᠮᠳᠡᠭᠴᠦᠳ ᠤᠨ ᠬᠦᠰᠡᠯ ᠱᠠᠭᠠᠷᠳᠠᠯᠭ᠎ᠠ ᠪᠠᠨ ᠲᠤᠰᠬᠠᠬᠤ ᠠᠷᠭ᠎ᠠ ᠵᠠᠮ ᠢ ᠰᠠᠭᠠᠳ | ᠦᠭᠡᠶ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠪᠠᠷ ᠢᠷᠡᠭᠰᠡᠨ 2 ᠬᠥᠮᠦᠨ ︵ᠬᠤᠪᠢ︶ ᠢ ᠬᠦᠯᠢᠶᠡᠨ ᠠᠪᠴᠤ᠂ | ᠪᠦᠬᠦ ᠬᠦᠴᠦᠨ ᠢᠶᠠᠷ ᠢᠶᠠᠨ ᠨᠠᠮᠳᠠᠭᠤᠯᠤᠨ ᠰᠢᠢᠳᠪᠦᠷᠢᠯᠡᠵᠦ᠂ ᠬᠠᠨᠤᠮᠵᠢᠲᠠᠶ ᠬᠠᠷᠢᠭᠤᠯᠲᠠ ᠦᠭᠬᠦᠭᠰᠡᠨ ᠪᠠᠶᠢᠨ᠎ᠠ᠃ | ᠵᠡᠮᠳᠡᠭᠴᠦᠳ ᠲᠤ ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠵᠥᠪᠯᠡᠯᠭᠡ 3 ᠬᠥᠮᠦᠨ ᠤᠳᠠᠭ᠎ᠠ ᠬᠠᠩᠭᠠᠵᠤ᠂ | ᠬᠠᠤᠯᠢ ᠴᠠᠭᠠᠵᠠ ᠶᠢᠨ ᠲᠠᠶᠢᠯᠤᠮᠵᠢ 4 ᠤᠳᠠᠭ᠎ᠠ ᠥᠷᠨᠢᠭᠦᠯᠪᠡ᠃ 2021᠂ 2022 ᠣᠨ ᠤ ᠬᠦᠴᠢᠷᠳᠡᠯᠲᠡᠶ | ᠬᠦᠨᠳᠦ ᠲᠠᠰ ᠤᠨ ᠵᠡᠮᠳᠡᠭᠴᠦᠳ ᠤᠨ ᠬᠡᠷ ᠪᠦᠯᠢ ᠶᠢᠨ ᠰᠠᠭᠠᠳ ᠥᠬᠡᠶ ᠪᠣᠯᠭᠠᠨ ᠥᠭᠡᠷᠡᠴᠢᠯᠡᠬᠦ ᠲᠤᠭ᠎ᠠ ᠪᠠᠷᠢᠮᠲᠠ ᠶᠢ | ᠣᠨᠣᠪᠴᠢᠲᠠᠶ ᠰᠠᠶᠢᠨ ᠬᠠᠷᠭᠤᠭᠤᠯᠤᠨ ᠪᠠᠶᠢᠴᠠᠭᠠᠵᠤ ᠬᠠᠮᠢᠶ᠎ᠠ ᠪᠦᠬᠦᠢ ᠪᠠᠷᠢᠮᠵᠢᠶ᠎ᠠ ᠱᠠᠭᠠᠷᠲᠠᠯᠭ᠎ᠠ ᠳᠤ ᠨᠡᠶᠢᠴᠡᠭᠦᠯᠪᠡ᠃ | 2023 ᠣᠨ ᠳᠤ 50 ᠶᠠᠳᠠᠭᠤ ᠬᠦᠴᠢᠷᠳᠡᠯᠲᠡᠶ ᠵᠡᠮᠳᠡᠭᠴᠦᠳ ᠤᠨ ᠬᠡᠷ ᠢ ᠰᠠᠭᠠᠳ ᠥᠬᠡᠶ ᠪᠣᠯᠭᠠᠨ | ᠥᠭᠡᠷᠡᠴᠢᠯᠡᠨ ᠰᠢᠨᠡᠳᠬᠡᠬᠦ ᠠᠵᠢᠯ ᠤᠨ ᠡᠷᠦᠬᠡ ᠳᠤ ᠨᠢ ᠤᠷᠤᠵᠤ ᠦᠨᠡᠯᠡᠨ ᠵᠢᠱᠢᠬᠦ ᠠᠵᠢᠯ ᠢ ᠦᠷᠨᠢᠭᠦᠯᠪᠡ᠂ | ᠵᠡᠮᠳᠡᠭᠴᠦᠳ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ︽ᠨᠢᠭᠡ ᠡᠷᠦᠬᠡ ᠳᠤ ᠨᠢᠭᠡ ᠠᠷᠭ᠎ᠠ ᠲᠤᠭᠲᠠᠭᠠᠬᠤ︾ | ᠥᠭᠡᠷᠡᠴᠢᠯᠡᠨ ᠰᠢᠨᠡᠳᠬᠡᠬᠦ ᠲᠥᠰᠦᠯ ᠢ ᠲᠣᠭᠲᠠᠭᠠᠬᠤ ᠶᠢᠨ ᠬᠠᠮᠲᠤ᠂ ᠪᠠᠷᠢᠯᠭ᠎ᠠ ᠶᠢᠨ ᠲᠠᠯ᠎ᠠ ᠶᠢᠨ ᠬᠢᠨ ᠤ | ᠳᠠᠭᠠᠭᠠᠴᠢᠯᠠᠯᠲᠠ ᠶᠢᠨ ᠵᠠᠷᠯᠠᠵᠤ ᠬᠦᠯᠢᠶᠡᠬᠦ ᠠᠵᠢᠯ ᠢ ᠨᠢᠭᠡᠨᠲᠡ ᠪᠡᠶᠡᠯᠡᠭᠦᠯᠵᠦ᠂ 6 ᠳ᠋ᠤᠭᠠᠷ ᠰᠠᠷ᠎ᠠ ᠶᠢᠨ | ᠳᠤᠮᠳᠠᠴᠢ ᠪᠠᠷ ᠥᠭᠡᠷᠡᠴᠢᠯᠡᠨ ᠰᠢᠨᠡᠳᠬᠡᠬᠦ ᠠᠵᠢᠯ ᠢᠶᠠᠨ ᠡᠬᠢᠯᠡᠭᠦᠯᠦᠨ᠎ᠡ᠃ ︽ᠬᠠᠤᠯᠢ ᠲᠦᠭᠡᠮᠡᠯᠵᠢᠭᠦᠯᠬᠦ ᠶᠢ | ᠬᠥᠳᠡᠭᠡ ᠲᠣᠰᠬᠤᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ ︾ ᠤᠬᠠᠭᠤᠯᠭ᠎ᠠ ᠶᠢᠨ | ᠠᠵᠢᠯᠯᠠᠭ᠎ᠠ ᠶᠢ 6 ᠤᠳᠠᠭ᠎ᠠ ᠥᠷᠨᠢᠭᠦᠯᠵᠦ᠂ 120 ᠵᠡᠮᠳᠡᠭᠴᠦᠳ ᠤᠨ ᠭᠡᠷ ᠪᠦᠯᠢ ᠶᠢ ᠬᠠᠮᠤᠷᠠᠪᠠ᠃ 2024 | ᠣᠨ ᠤ ᠵᠡᠮᠳᠡᠭᠴᠦᠳ ᠤᠨ ᠬᠦᠷᠳᠦᠳᠦ ᠰᠠᠨᠳᠠᠯᠢ ᠶᠢᠨ ᠮᠠᠰᠢᠨ ᠤ ᠰᠢᠲᠠᠭᠠᠯᠭ᠎ᠠ ᠶᠢᠨ ᠲᠣᠰᠣᠨ ᠤ ᠨᠥᠬᠦᠪᠥᠷᠢ | ᠬᠦᠷᠲᠡᠬᠦ ᠡᠳᠡᠭᠡᠳ 6 ᠬᠦᠮᠦᠨ ᠢ ᠪᠠᠶᠢᠴᠠᠭᠠᠨ ᠲᠤᠭᠲᠠᠭᠠᠪᠠ᠃ | ︵ᠨᠠᠢᠮᠠ︶ ᠵᠡᠮᠳᠡᠭᠴᠦᠳ ᠤᠨ ᠤᠬᠠᠭᠤᠯᠭ᠎ᠠ ᠰᠣᠶᠣᠯ ᠪᠡᠶ᠎ᠡ ᠶᠢᠨ ᠲᠠᠮᠢᠷ ᠤᠨ ᠠᠵᠢᠯ ᠢ ᠪᠠᠶᠠᠯᠢᠭᠵᠢᠭᠤᠯᠤᠨ | ᠠᠭᠤᠰᠤᠯᠴᠠᠭᠤᠯᠪᠠ᠃ ᠨᠢᠭᠡ ᠳᠤ᠂ ᠵᠡᠮᠳᠡᠭᠴᠦᠳ ᠤᠨ ᠦᠢᠯᠡᠰ ᠤᠨ ᠤᠬᠠᠭᠤᠯᠭ᠎ᠠ ᠶᠢ ᠴᠢᠩᠭᠠᠳᠬᠠᠪᠠ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠭᠤᠤᠯ ᠵᠠᠭᠤᠴᠢᠯᠠᠭᠤᠷ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ | ᠤᠬᠠᠭᠤᠯᠭ᠎ᠠ ᠶᠢᠨ ᠲᠠᠪᠴᠠᠩ ᠢ ᠬᠦᠢᠴᠡᠳ ᠠᠰᠢᠭᠯᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠂ ᠶᠡᠷᠦᠩᠬᠡᠶ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠲᠤᠬᠠᠶ ᠴᠢᠬᠤᠯᠠ ᠥᠭᠦᠯᠡᠯᠲᠡ᠂ | ᠵᠡᠮᠳᠡᠭᠴᠦᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠵᠢᠴᠢ ᠵᠡᠮᠳᠡᠭᠴᠦᠳ ᠤᠨ | ᠠᠵᠢᠯ ᠤᠨ ᠬᠥᠳᠡᠯᠦᠯ ᠪᠠᠶᠢᠳᠠᠯ ᠵᠡᠷᠭᠡ ᠠᠭᠤᠯᠭ᠎ᠠ ᠶᠢ ᠶᠡᠬᠡᠪᠡᠷ ᠤᠬᠠᠭᠤᠯᠵᠤ᠂ 73 ᠵᠤᠷᠪᠤᠰ ᠠᠵᠢᠯ ᠤᠨ ᠮᠡᠳᠡᠭᠡ | ᠰᠤᠩᠭᠤᠨ ᠶᠠᠪᠤᠭᠤᠯᠪᠠ᠃ ᠲᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ | ᠪᠤᠭᠤᠲᠤ ᠬᠤᠳᠠ ᠶᠢᠨ ᠵᠡᠮᠳᠡᠭᠴᠦᠳ ᠤᠨ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ | ᠬᠤᠯᠪᠣᠭ᠎ᠠ ᠠᠴᠠ 48 ᠮᠡᠳᠡᠭᠡ ᠶᠢ ᠬᠡᠷᠡᠭᠯᠡᠵᠡᠢ᠃ ᠬᠤᠶᠠᠷ ᠲᠤ᠂ ᠵᠡᠮᠳᠡᠭ ᠲᠠᠮᠢᠷᠴᠢᠨ ᠢ ᠢᠳᠡᠪᠬᠢᠲᠡᠶ ᠰᠤᠩᠭᠤᠨ | ᠤᠷᠤᠯᠴᠠᠭᠤᠯᠪᠠ᠃ 2 ᠵᠡᠮᠳᠡᠭ ᠲᠠᠮᠢᠷᠴᠢᠨ ᠢ ᠵᠢᠷᠭᠤᠳᠤᠭᠠᠷ ᠬᠤᠭᠤᠴᠠᠭᠠᠨ ᠤ ᠪᠦᠬᠦ ᠣᠷᠣᠨ ᠤ ᠵᠡᠮᠳᠡᠭᠴᠦᠳ ᠤᠨ | ᠪᠡᠶ᠎ᠡ ᠶᠢᠨ ᠲᠠᠮᠢᠷ ᠤᠨ ᠴᠤᠭᠯᠠᠭᠠᠨ ᠳᠤ ᠰᠤᠩᠭᠤᠨ ᠤᠷᠤᠯᠴᠠᠭᠤᠯᠪᠠ᠃ ᠭᠤᠷᠪᠠ ᠳᠤ᠂ ᠵᠡᠮᠳᠡᠭᠴᠦᠳ ᠤᠨ ᠡᠯ᠎ᠡ | ᠲᠥᠷᠥᠯ ᠤᠨ ᠰᠣᠶᠣᠯ ᠤᠨ ᠠᠵᠢᠯᠯᠠᠭ᠎ᠠ ᠶᠢ ᠢᠳᠡᠪᠬᠢᠲᠡᠶ ᠦᠷᠨᠢᠭᠦᠯᠪᠡ᠃ ︽ᠪᠦᠬᠦ ᠤᠯᠤᠰ ᠤᠨ ᠵᠡᠮᠳᠡᠭᠴᠦᠳ ᠢ | ᠲᠤᠰᠠᠯᠠᠬᠤ ᠡᠳᠦᠷ︾ ᠤᠨ ᠰᠢᠷᠢᠰ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ᠂ ᠵᠡᠮᠳᠡᠭᠴᠦᠳ ᠢ | ᠰᠣᠶᠣᠯ ᠢᠶᠠᠷ ᠲᠤᠰᠠᠯᠠᠬᠤ ︽ᠲᠠᠪᠤᠨ ᠨᠢᠭᠡ︾ ᠶᠢᠨ ᠠᠵᠢᠯᠯᠠᠭ᠎ᠠ ᠶᠢ 1 ᠤᠳᠠᠭ᠎ᠠ ᠦᠷᠨᠢᠭᠦᠯᠪᠡ᠃ ᠵᠡᠮᠳᠡᠭᠴᠦᠳ ᠤᠨ | ᠡᠷᠡᠭᠦᠯᠵᠢᠯ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠷᠬᠡ ᠪᠠᠨ ᠬᠠᠮᠠᠭᠠᠯᠠᠬᠤ ᠵᠡᠷᠭᠡ ᠲᠠᠯ᠎ᠠ ᠶᠢᠨ | ᠲᠣᠭᠤᠷᠢᠨ ᠳᠤ᠂ ︽ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ︾ ᠤᠨ ᠰᠢᠷᠢᠰ ᠠᠵᠢᠯᠯᠠᠭ᠎ᠠ ᠶᠢ 8 | ᠤᠳᠠᠭ᠎ᠠ ᠥᠷᠨᠢᠭᠦᠯᠵᠦ᠂ ᠡᠯ᠎ᠡ ᠰᠤᠮᠤ ᠰᠢᠶᠠᠩ ᠪᠠᠯᠭᠠᠰᠤ ᠶᠢᠨ ᠵᠡᠮᠳᠡᠭᠴᠦᠳ ᠤᠨ ᠬᠤᠯᠪᠣᠭ᠎ᠠ ᠵᠡᠮᠳᠡᠭᠴᠦᠳ ᠢ | ᠲᠤᠰᠠᠯᠠᠬᠤ ᠡᠳᠦᠷ ᠤᠨ ᠠᠵᠢᠯᠯᠠᠭ᠎ᠠ ᠶᠢ 7 ᠤᠳᠠᠭ᠎ᠠ ᠥᠷᠨᠢᠭᠦᠯᠵᠦ᠂ ᠨᠡᠶᠢᠲᠡ 1000 ᠭᠠᠷᠤᠶ ᠵᠡᠮᠳᠡᠭᠴᠦᠳ ᠲᠤ | ᠠᠰᠢᠭ ᠬᠦᠷᠲᠡᠭᠡᠵᠦ᠂ ᠵᠡᠮᠳᠡᠭᠴᠦᠳ ᠢ ᠲᠡᠳᠬᠦᠨ ᠲᠤᠰᠠᠯᠠᠬᠤ ᠤᠬᠢ ᠰᠠᠶᠢᠨ ᠤᠷᠴᠢᠨ ᠠᠬᠤᠢ ᠶᠢ ᠪᠤᠢ ᠪᠤᠯᠭᠠᠪᠠ᠃ | | ᠬᠤᠶᠠᠷ᠂ ᠳᠠᠷᠠᠭᠠᠴᠢ ᠶᠢᠨ ᠠᠯᠬᠤᠮ ᠤᠨ ᠲᠦᠯᠬᠢᠨ ᠠᠬᠢᠭᠤᠯᠬᠤ ᠠᠷᠭ᠎ᠠ ᠬᠡᠮᠵᠢᠶ᠎ᠡ | ︵ᠨᠢᠭᠡ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ | ᠠᠵᠢᠯ ᠢ ᠭᠦᠨᠵᠡᠭᠡᠶᠢᠷᠡᠭᠦᠯᠵᠦ᠂ ᠵᠡᠮᠳᠡᠭᠴᠦᠳ ᠤᠨ ᠵᠣᠬᠢᠶᠠᠨ ᠪᠠᠶᠢᠭᠤᠯᠤᠯᠲᠠ ᠶᠢᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ | ᠬᠤᠷᠠᠯ ᠤᠨ ᠰᠢᠰᠲ᠋ᠧᠮ ᠳᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ | ᠤᠬᠠᠭᠤᠯᠤᠨ ᠲᠤᠤᠰᠯᠠᠭᠤᠯᠤᠨᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ | ᠬᠥᠮᠦᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ᠂ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠦᠲᠦᠭᠡᠬᠦ︾ | ᠴᠢᠬᠤᠯᠠ ᠵᠢᠭᠠᠪᠤᠷᠢ ᠶᠢ ᠲᠦᠪ ᠭᠤᠤᠯᠴᠢ ᠪᠠᠷ ᠦᠢᠯᠡᠲᠦᠯᠭᠡᠵᠢᠬᠦᠯᠵᠦ᠂ ᠰᠢᠨ᠎ᠡ ᠨᠢᠭᠡ ᠬᠤᠭᠤᠴᠠᠭᠠᠨ ᠤ | ᠵᠡᠮᠳᠡᠭᠴᠦᠳ ᠤᠨ ᠬᠤᠯᠪᠤᠭᠠᠨ ᠤ ᠤᠲᠤᠷᠢᠳᠬᠤ ᠪᠠᠭ ᠪᠠ ᠵᠠᠮᠳᠡᠭᠴᠦᠳ ᠤᠨ ᠠᠵᠢᠯᠲᠠᠨ ᠤ ᠴᠢᠳᠠᠪᠤᠷᠢ ᠶᠢ ᠤᠯᠠᠮ | ᠨᠢᠭᠡ ᠠᠯᠬᠤᠮ ᠲᠡᠭᠡᠭᠰᠢᠯᠡᠭᠦᠯᠦᠨ᠎ᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠪᠣᠷ ᠰᠤᠷᠲᠠᠯ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ | ᠠᠳᠬᠤᠵᠤ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠡᠭᠦᠷ ᠤᠨ ᠦᠢᠯᠡᠲᠦᠯ ᠪᠠ ᠨᠠᠮ ᠤᠨ | ᠭᠡᠰᠢᠭᠦᠨ ᠤ ᠬᠤᠰᠢᠭᠤᠴᠢ ᠵᠢᠱᠢᠶᠡᠴᠢ ᠦᠢᠯᠡᠲᠦᠯ ᠢ ᠬᠦᠢᠴᠡᠳ ᠪᠠᠳᠠᠷᠠᠭᠤᠯᠤᠨ᠎ᠠ᠂ ᠣᠯᠠᠨ ᠲᠦᠮᠡᠨ ᠳᠤ ᠪᠣᠳᠠᠲᠤ | ᠶᠠᠪᠤᠳᠠᠯ ᠰᠠᠶᠢᠨ ᠶᠠᠪᠤᠳᠠᠯ ᠬᠢᠵᠦ᠂ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠵᠣᠬᠢᠶᠠᠨ | ᠪᠠᠶᠢᠭᠤᠯᠤᠯᠲᠠ ᠪᠠ ᠵᠡᠮᠳᠡᠭ ᠠᠵᠢᠯᠲᠠᠨ ᠢ ᠦᠨᠡᠨ ᠬᠦ ᠢᠳᠡᠭᠡᠨ ᠨᠠᠶᠢᠳᠠᠵᠤ ᠪᠤᠯᠬᠤ᠂ ᠲᠦᠰᠢᠭᠯᠡᠵᠦ ᠪᠤᠯᠬᠤ᠂ | ᠰᠠᠯᠵᠤ ᠪᠣᠯᠤᠰᠢ ᠦᠭᠡᠢ ᠳᠣᠲᠣᠨᠣ ᠬᠥᠮᠦᠨ ᠪᠤᠯᠭᠠᠨ᠎ᠠ᠃ | ︵ᠬᠤᠶᠠᠷ ︶ ︽ᠠᠷᠠᠳ ᠤᠨ ᠠᠮᠢᠳᠤᠷᠠᠯ ᠤᠨ ᠦᠨᠳᠦᠰᠦ ︾ ᠳᠤ ᠬᠦᠴᠦᠨ ᠢᠶᠠᠨ ᠲᠥᠪᠯᠡᠷᠡᠭᠦᠯᠦᠨ᠂ | ᠵᠡᠮᠳᠡᠭᠴᠦᠳ ᠲᠤ ᠠᠵᠢᠯ ᠣᠯᠭᠤᠬᠤ᠂ ᠨᠠᠶᠢᠳᠠᠵᠤ ᠠᠰᠠᠷᠠᠭᠤᠯᠬᠤ ᠦᠢᠯᠡᠴᠢᠯᠡᠭᠡᠨ ᠤ ᠠᠵᠢᠯ ᠢ ᠲᠦᠯᠬᠢᠨ | ᠠᠬᠢᠭᠤᠯᠤᠨ᠎ᠠ᠃ ︽ᠲᠥᠷᠥ ᠶᠢᠨ ᠪᠣᠳᠣᠯᠭ᠎ᠠ ᠪᠠᠷ ᠲᠡᠳᠬᠦᠬᠦ + ᠠᠷᠭ᠎ᠠ ᠵᠠᠮ ᠢ ᠥᠷᠭᠡᠳᠬᠡᠬᠦ + ᠮᠡᠷᠭᠡᠵᠢᠯ ᠤᠨ | ᠴᠢᠳᠠᠪᠤᠷᠢ ᠶᠢ ᠳᠡᠭᠡᠭᠰᠢᠯᠡᠭᠦᠯᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠲᠤ ᠠᠵᠢᠯ ᠣᠯᠭᠤᠬᠤ | ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠬᠠᠷᠢᠴᠠᠯ ᠶᠣᠰᠣᠭᠠᠷ ᠲᠦᠪᠬᠢᠨᠡᠭᠦᠯᠦᠨ ᠲᠤᠰᠠᠯᠠᠬᠤ ᠴᠢᠨᠠᠷᠲᠠᠶ ᠠᠵᠢᠯ | ᠣᠯᠭᠤᠬᠤ᠂ ᠪᠠᠶᠢᠭᠤᠯᠭ᠎ᠠ ᠨᠢᠭᠡᠴᠡ ᠠᠴᠠ ᠦᠯᠡᠳᠡᠭᠡᠨ ᠠᠪᠬᠤ᠂ ᠠᠮᠢᠳᠤᠯᠢᠭ ᠢᠶᠠᠷ ᠠᠵᠢᠯ ᠤᠯᠭᠤᠬᠤ᠂ | ᠦᠪᠡᠰᠦᠪᠡᠨ ᠠᠳᠠᠯ ᠦᠢᠯᠡᠰ ᠪᠤᠰᠬᠠᠬᠤ ᠵᠡᠷᠭᠡ ᠠᠳᠠᠯᠢ ᠪᠤᠰᠤ ᠠᠵᠢᠯ ᠤᠯᠭᠤᠬᠤ ᠠᠷᠭ᠎ᠠ ᠮᠠᠶ᠋ᠢᠭ ᠢᠶᠠᠷ ᠵᠡᠮᠳᠡᠭᠴᠦᠳ | ᠢ ᠬᠠᠪᠰᠤᠷᠴᠤ ᠠᠵᠢᠯ ᠤᠯᠭᠤᠨ᠎ᠠ᠃ ᠪᠥᠬᠦ ᠵᠢᠯ ᠳᠤ ᠵᠡᠮᠳᠡᠭᠴᠦᠳ ᠤᠨ ᠬᠡᠷᠡᠭᠯᠡᠭᠡᠨ ᠤ ᠮᠡᠷᠭᠡᠵᠢᠯ ᠤᠨ | ᠪᠤᠯᠪᠠᠰᠤᠷᠠᠯ ᠢ 4 ᠬᠤᠭᠤᠴᠠᠭ᠎ᠠ ᠡᠷᠭᠢᠯᠡᠬᠦ ᠪᠠᠷ ᠲᠥᠯᠥᠪᠯᠡᠵᠦ᠂ ᠪᠤᠯᠪᠠᠰᠤᠷᠠᠯ ᠳᠤ ᠤᠷᠤᠯᠴᠠᠭᠰᠠᠨ ᠬᠥᠮᠦᠨ | ᠤᠳᠠᠭ᠎ᠠ ᠶᠢ 70 ᠬᠥᠮᠦᠨ ᠳᠤ ᠬᠦᠷᠭᠡᠨ᠎ᠡ᠃ ᠵᠡᠮᠳᠡᠭᠴᠦᠳ ᠢ ᠤᠷᠢᠵᠤ ᠡᠯᠰᠡᠬᠦ ᠴᠤᠭᠯᠠᠭᠠᠨ ᠢ 4 | ᠬᠤᠭᠤᠴᠠᠭ᠎ᠠ ᠠᠴᠠ ᠳᠡᠭᠡᠭᠰᠢ ᠡᠷᠬᠢᠯᠡᠵᠦ᠂ ᠬᠠᠪᠰᠤᠷᠤᠨ ᠲᠡᠳᠬᠦᠵᠦ ᠠᠵᠢᠯ ᠤᠯᠭᠤᠭᠰᠠᠨ ᠵᠡᠮᠲᠡᠭ ᠬᠦᠮᠦᠨ ᠤ | ᠲᠤᠭ᠎ᠠ ᠶᠢ 20 ᠠᠴᠠ ᠲᠠᠪᠠᠭᠤᠯᠤᠨ᠎ᠠ᠃ ᠲᠣᠰ ᠬᠤᠭᠤᠴᠠᠭᠠᠨ ᠤ ᠲᠡᠭᠦᠰᠦᠭᠰᠡᠳ ᠲᠤ ︽ᠨᠢᠭᠡ ᠨᠢ ᠨᠢᠭᠡ ᠶᠢ | ᠬᠠᠷᠠᠭᠠᠯᠵᠠᠬᠤ︾ ᠠᠵᠢᠯ ᠣᠯᠭᠤᠵᠤ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃ ᠨᠠᠶᠢᠳᠠᠨ ᠠᠰᠠᠷᠠᠭᠤᠯᠬᠤ | ᠲᠥᠪ ᠤᠨ ᠳᠣᠲᠣᠭᠠᠳᠤ ᠶᠢᠨ ᠡᠷᠡᠭᠦᠯᠵᠢᠭᠦᠯᠬᠦ ᠪᠣᠯᠪᠠᠰᠤᠷᠠᠯ᠂ ᠲᠤᠰᠠᠯᠠᠬᠤ ᠴᠢᠨᠠᠷᠲᠠᠶ ᠠᠵᠢᠯ ᠣᠯᠭᠤᠬᠤ | ᠪᠠᠶᠢᠭᠤᠯᠤᠮᠵᠢ ᠵᠢᠴᠢ ᠵᠡᠮᠳᠡᠭᠴᠦᠳ ᠤᠨ ᠳᠠᠳᠤᠯᠭ᠎ᠠ ᠪᠤᠯᠪᠠᠰᠤᠷᠠᠯ ᠤᠨ ᠰᠠᠭᠤᠷᠢᠨ ᠭᠠᠵᠠᠷ ᠢ ᠥᠷᠭᠡᠳᠬᠡᠨ | ᠪᠠᠶᠢᠭᠤᠯᠬᠤ ᠶᠢᠨ ᠬᠠᠮᠲᠤ᠂ ︽ᠨᠡᠷᠡᠨ ᠭᠡᠷᠡᠯᠲᠦ ᠬᠡᠷ ᠣᠷᠣᠨ ᠤ ᠲᠥᠯᠥᠪᠯᠡᠭᠡ︾ ᠶᠢᠨ ᠲᠥᠷᠥᠯ ᠵᠦᠢᠯ ᠤᠨ | ᠨᠥᠬᠦᠪᠥᠷᠢ ᠲᠠᠢ ᠤᠶᠠᠯᠳᠤᠭᠤᠯᠤᠨ᠂ ︽ᠨᠠᠶᠢᠳᠠᠨ ᠠᠰᠠᠷᠠᠭᠤᠯᠬᠤ᠂ ᠠᠵᠢᠯ ᠤᠯᠭᠤᠬᠤ᠂ ᠡᠷᠡᠭᠦᠯᠵᠢᠭᠦᠯᠬᠦ︾ ᠶᠢ | ᠤᠶᠠᠯᠳᠤᠭᠤᠯᠬᠤ ᠪᠠᠷ ᠳᠠᠮᠵᠢᠭᠤᠯᠤᠨ᠂ ᠨᠠᠶᠢᠳᠠᠨ ᠠᠰᠠᠷᠠᠭᠤᠯᠬᠤ ᠲᠥᠪ ᠢ ᠳᠠᠶᠢᠴᠢᠯᠠᠨ ᠨᠠᠩ ᠰᠠᠶᠢᠨ ᠠᠵᠢᠯᠯᠠᠭᠤᠯᠵᠤ | ᠂ ᠠᠵᠢᠯ ᠤᠯᠬᠤ ᠨᠠᠰᠤᠨ ᠳᠠᠬᠢ ᠳᠤᠳᠤᠭᠠᠳᠤ ᠣᠶᠤᠨ ᠤᠬᠠᠭᠠᠨ᠂ ᠣᠶᠤᠨ ᠰᠠᠨᠠᠭ᠎ᠠ ᠪᠠ ᠲᠦᠷᠪᠡᠨ ᠮᠥᠴᠢ ᠨᠢ | ᠬᠦᠨᠲᠦ ᠵᠡᠮᠳᠡᠭᠰᠡᠳ ᠢ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ | ︵ᠭᠤᠷᠪᠠ︶ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ︾ ᠳᠤ ᠠᠩᠬᠠᠷᠤᠯ ᠢᠶᠠᠨ | ᠲᠥᠪᠯᠡᠷᠡᠭᠦᠯᠵᠦ᠂ ᠵᠡᠮᠳᠡᠭᠴᠦᠳ ᠤᠨ ᠰᠠᠨᠳᠤᠷᠴᠤ ᠬᠦᠴᠢᠷᠲᠡᠵᠦ ᠵᠤᠪᠠᠵᠤ ᠬᠦᠰᠡᠵᠦ ᠪᠠᠶᠢᠭ᠎ᠠ ᠠᠰᠠᠭᠤᠳᠠᠯ ᠢ | ᠰᠢᠢᠳᠪᠦᠷᠢᠯᠡᠨ᠎ᠡ᠃ ᠵᠡᠮᠳᠡᠭᠴᠦᠳ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠬᠦᠴᠢᠷᠳᠡᠯᠲᠡᠶ ᠵᠡᠮᠳᠡᠭᠴᠦᠳ ᠤᠨ ᠲᠠᠩᠰᠠ ᠶᠢ ᠪᠠᠶᠢᠭᠤᠯᠵᠤ᠂ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠰᠢᠨᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ | ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠳᠤ ᠬᠢᠯᠪᠠᠷ ᠵᠡᠮᠳᠡᠭᠴᠦᠳ ᠢ ᠴᠠᠭ ᠲᠤᠬᠠᠶ ᠳᠤᠨᠢ ᠬᠠᠪᠰᠤᠷᠤᠨ | ᠲᠡᠳᠬᠦᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠬᠢᠭᠡᠳ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠵᠢᠯ ᠢ ᠪᠦᠲᠦᠮᠵᠢᠲᠡᠶ ᠵᠣᠯᠭᠠᠭᠤᠯᠤᠨ᠎ᠠ᠃ ᠨᠥᠬᠦᠴᠡᠯ ᠳᠤ ᠨᠡᠶᠢᠴᠡᠬᠦ ᠵᠡᠮᠳᠡᠭᠴᠦᠳ ᠪᠣᠯᠤᠨ ᠭᠡᠷ | ᠪᠦᠯᠢ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠬᠤ ᠶᠢ ᠪᠦᠬᠦ | ᠬᠦᠴᠦᠨ ᠢᠶᠠᠷ ᠢᠶᠠᠨ ᠪᠠᠲᠤᠯᠠᠵᠤ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠬᠦᠨᠳᠦ | ᠵᠡᠮᠳᠡᠭᠴᠦᠳ ᠢ ᠰᠤᠪᠢᠯᠠᠬᠤ ᠨᠥᠬᠦᠪᠥᠷᠢ ᠶᠢ ᠴᠠᠭ ᠲᠤᠬᠠᠶ ᠳᠤᠨᠢ ᠤᠯᠭᠤᠨ᠎ᠠ᠃ ᠬᠥᠳᠡᠯᠵᠦ ᠪᠠᠷᠢᠬᠤ ᠳᠤ ᠳᠥᠭᠦᠮ | ᠦᠭᠡᠢ ᠵᠡᠮᠳᠡᠭᠴᠦᠳ ᠲᠤ ᠦᠷᠭᠦᠯᠵᠢ ᠭᠡᠷ ᠲᠤᠨᠢ ᠬᠦᠷᠴᠦ ᠦᠨᠡᠮᠯᠡᠯ ᠬᠦᠢᠴᠡᠳᠭᠡᠬᠦ ᠦᠢᠯᠡᠴᠢᠯᠡᠭᠡ ᠶᠢ | ᠦᠷᠨᠢᠬᠦᠯᠦᠨ᠎ᠡ᠃ ᠵᠡᠮᠳᠡᠭᠴᠦᠳ ᠤᠨ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ | ᠦᠨᠲᠦᠷ ᠲᠦᠪᠰᠢᠨ ᠢᠶᠠᠷ ᠲᠦᠯᠬᠢᠨ ᠠᠬᠢᠭᠤᠯᠤᠨ᠎ᠠ᠃ ᠨᠢᠭᠡ ᠳᠤ᠂ ᠪᠠᠶᠢᠴᠠᠭᠠᠬᠤ ᠬᠤᠷᠢᠶ᠎ᠠ ᠲᠠᠢ ᠬᠠᠮᠲᠤᠷᠠᠨ | ᠣᠯᠠᠨ ᠨᠡᠶᠢᠲᠡ ᠶᠢᠨ ᠰᠠᠭᠠᠳ ᠥᠬᠡᠶ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯᠯᠠᠭ᠎ᠠ ᠥᠷᠨᠢᠭᠦᠯᠵᠦ᠂ | ᠮᠠᠨ ᠤ ᠬᠤᠰᠢᠭᠤᠨ ᠤ ᠰᠠᠭᠠᠳ ᠥᠬᠡᠶ ᠪᠠᠷ ᠪᠡᠶᠡᠴᠢᠯᠡᠨ ᠣᠶᠢᠯᠠᠭᠠᠬᠤ ᠶᠢ ᠠᠬᠢᠭᠤᠯᠬᠤ ᠪᠦᠯᠬᠦᠮ ᠤᠨ ᠦᠢᠯᠡᠲᠦᠯ ᠢ | ᠪᠠᠳᠠᠷᠠᠭᠤᠯᠵᠤ᠂ ᠰᠠᠭᠠᠳ ᠥᠬᠡᠶ ᠣᠷᠴᠢᠨ ᠲᠣᠭᠤᠷᠢᠨ ᠢ ᠪᠡᠶᠡᠴᠢᠯᠡᠨ ᠣᠶᠢᠯᠠᠭᠠᠬᠤ ᠪᠠ ᠠᠬᠢᠭᠤᠯᠬᠤ ᠠᠵᠢᠯᠯᠠᠭ᠎ᠠ ᠶᠢ | ᠦᠷᠭᠦᠯᠵᠢ ᠥᠷᠨᠢᠭᠦᠯᠵᠦ᠂ ᠣᠯᠠᠨ ᠨᠡᠶᠢᠲᠡ ᠶᠢᠨ ᠲᠠᠯᠠᠪᠤᠷ ᠤᠨ ᠨᠡᠶᠢᠲᠡ ᠶᠢᠨ ᠠᠰᠠᠷᠠᠮᠵᠢ ᠶᠢᠨ ᠰᠠᠭᠠᠳ ᠥᠬᠡᠶ | ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠤᠨ᠎ᠠ᠃ ᠬᠤᠶᠠᠷ ᠲᠤ᠂ 2023 ᠣᠨ | ᠤ ᠰᠠᠭᠠᠳ ᠥᠬᠡᠶ ᠪᠣᠯᠭᠠᠨ ᠥᠭᠡᠷᠡᠴᠢᠯᠡᠨ ᠰᠢᠨᠡᠳᠬᠡᠬᠦ ᠠᠵᠢᠯ ᠢ ᠴᠠᠭ ᠲᠤᠬᠠᠶ ᠳᠤᠨᠢ ᠬᠡᠷᠡᠭᠵᠢᠭᠦᠯᠵᠦ᠂ 50 | ᠡᠷᠦᠬᠡ ᠶᠢᠨ ᠥᠭᠡᠷᠡᠴᠢᠯᠡᠨ ᠰᠢᠨᠡᠳᠬᠡᠬᠦ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | ᠠᠷᠠᠳ ᠤᠨ ᠠᠮᠢᠳᠤᠷᠠᠯ ᠢ ᠡᠷᠡᠭᠦᠯᠵᠢᠭᠦᠯᠬᠦ ᠪᠣᠳᠠᠲᠤ ᠶᠠᠪᠤᠳᠠᠯ ᠢ ᠨᠠᠷᠢᠯᠢᠭ ᠣᠨᠣᠪᠴᠢᠲᠠᠶ ᠨᠠᠶᠢᠳᠠᠪᠤᠷᠢᠵᠢᠭᠤᠯᠤᠨ᠎ᠠ᠃ | ᠵᠡᠮᠳᠡᠭ ᠪᠣᠯᠬᠤ ᠠᠴᠠ ᠤᠷᠢᠳᠴᠢᠯᠠᠨ ᠰᠡᠷᠭᠡᠶᠢᠯᠡᠬᠦ ᠤᠬᠠᠭᠤᠯᠭ᠎ᠠ ᠶᠢ ᠴᠢᠩᠭᠠᠳᠬᠠᠵᠤ᠂ ᠵᠡᠮᠳᠡᠭ ᠬᠡᠦᠬᠡᠳ ᠢ | ᠡᠷᠡᠭᠦᠯᠵᠢᠭᠦᠯᠵᠦ ᠠᠪᠤᠷᠠᠨ ᠲᠤᠰᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠣᠨᠣᠪᠴᠢᠲᠠᠶ ᠰᠠᠶᠢᠨ ᠢᠶᠠᠷ | ᠡᠷᠡᠭᠦᠯᠵᠢᠭᠦᠯᠬᠦ ᠦᠢᠯᠡᠴᠢᠯᠡᠭᠡ ᠶᠢ ᠥᠷᠨᠢᠭᠦᠯᠵᠦ᠂ ᠬᠡᠷᠡᠭᠴᠡᠭᠡ ᠱᠠᠭᠠᠷᠳᠠᠯᠭ᠎ᠠ ᠲᠠᠢ ᠵᠡᠮᠳᠡᠭᠴᠦᠳ ᠲᠤ ᠰᠦᠢᠳᠭᠡᠯ | ᠬᠤᠷᠢᠶᠠᠬᠤ ᠥᠬᠡᠶ ᠪᠠᠷ ᠲᠤᠰᠠᠯᠠᠬᠤ ᠪᠠᠭᠠᠵᠢ ᠲᠣᠬᠢᠷᠠᠭᠤᠯᠤᠨ ᠥᠭᠴᠦ᠂ ᠡᠷᠡᠭᠦᠯᠵᠢᠭᠦᠯᠬᠦ ᠦᠢᠯᠡᠴᠢᠯᠡᠭᠡᠨ ᠤ ᠨᠣᠷᠮ᠎ᠠ | ᠪᠠ ᠲᠤᠰᠠᠯᠠᠬᠤ ᠪᠠᠭᠠᠵᠢ ᠲᠣᠬᠢᠷᠠᠭᠤᠯᠤᠨ ᠥᠭᠬᠦ ᠨᠣᠷᠮ᠎ᠠ ᠶᠢ 100 % ᠳᠤ ᠬᠦᠷᠦᠭᠦᠯᠵᠦ᠂ ︽ᠬᠥᠮᠦᠨ | ᠪᠦᠬᠦᠨ ᠡᠷᠡᠭᠦᠯᠵᠢᠯ ᠤᠨ ᠦᠢᠯᠡᠴᠢᠯᠡᠭᠡ ᠭᠥᠷᠳᠡᠬᠦ︾ ᠶᠢ ᠦᠨᠡᠨᠬᠦ ᠪᠠᠲᠤᠯᠠᠨ᠎ᠠ᠃ ᠲᠤᠭᠤᠷᠢᠨ ᠦᠵᠡᠵᠦ ᠡᠷᠬᠢᠨ | ᠦᠵᠡᠬᠦ ᠦᠢᠯᠡᠴᠢᠯᠡᠭᠡ ᠶᠢ ᠪᠠᠶᠢᠩᠭᠤ ᠨᠠᠶᠢᠲᠠᠪᠤᠷᠢᠵᠢᠭᠤᠯᠤᠨ᠎ᠠ᠃ ᠬᠦᠴᠢᠷᠳᠡᠯᠲᠡᠶ ᠵᠡᠮᠳᠡᠭᠴᠦᠳ ᠢ ᠡᠷᠬᠢᠨ ᠦᠵᠡᠬᠦ | ᠦᠢᠯᠡᠴᠢᠯᠡᠭᠡ ᠶᠢ ᠪᠦᠬᠦ ᠬᠡᠪᠴᠢᠶ᠎ᠡ ᠪᠠᠷ ᠥᠷᠨᠢᠭᠦᠯᠬᠦ ᠶᠢ ᠬᠠᠶᠢᠨ ᠰᠦᠪᠡᠭᠴᠢᠯᠡᠵᠦ᠂ ᠡᠷᠭᠢᠨ ᠦᠵᠡᠵᠦ | ᠠᠰᠠᠭᠤᠳᠠᠯ ᠢ ᠢᠯᠡᠷᠡᠭᠦᠯᠵᠦ᠂ ᠪᠠᠶᠢᠳᠠᠯ ᠳᠤᠨᠢ ᠵᠤᠬᠢᠴᠠᠭᠤᠯᠵᠤ ᠦᠢᠯᠡᠴᠢᠯᠡᠭᠡ ᠪᠠᠨ ᠲᠤᠭᠳᠠᠭᠠᠵᠤ᠂ | ᠵᠡᠮᠳᠡᠭᠴᠦᠳ ᠲᠤ ︽ᠪᠣᠳᠠᠲᠤ ᠶᠠᠪᠤᠳᠠᠯ ︾ ᠬᠢᠵᠦ ᠥᠭᠴᠦ᠂ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠲᠤᠰᠬᠠᠶ ᠲᠤᠰᠢᠶᠠᠯᠲᠤ ᠭᠡᠰᠢᠭᠦᠨ ᠤ ᠲᠤᠬᠠᠶᠢᠯᠠᠭᠰᠠᠨ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ 1 ᠬᠤᠭᠤᠴᠠᠭᠠᠨ ᠤ | ᠵᠡᠮᠳᠡᠭᠴᠦᠳ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠤᠯᠪᠠᠰᠤᠷᠠᠯ ᠢ ᠦᠷᠭᠦᠯᠵᠢᠯᠡᠨ | ᠥᠷᠨᠢᠭᠦᠯᠦᠨ᠎ᠡ᠃ | ︵ᠳᠥᠷᠪᠡ ︶ ︽ᠠᠷᠠᠳ ᠤᠨ ᠠᠮᠢᠳᠤᠷᠠᠯ ᠤᠨ ᠨᠡᠶᠢᠯᠡᠮᠡᠯ ᠬᠦᠴᠦᠨ︾ ᠢ ᠪᠤᠢ ᠪᠤᠯᠭᠠᠵᠤ᠂ | ᠵᠡᠮᠳᠡᠭᠴᠦᠳ ᠢ ᠲᠡᠳᠬᠦᠨ ᠲᠤᠰᠠᠯᠠᠬᠤ ᠨᠡᠶᠢᠭᠡᠮ ᠤᠨ ᠬᠡᠪ ᠰᠤᠷᠲᠠᠯ ᠢ ᠶᠡᠬᠡᠪᠡᠷ ᠪᠠᠲᠠᠷᠠᠭᠤᠯᠤᠨ᠎ᠠ᠃ ᠨᠢᠭᠡ ᠳᠤ᠂ | ᠰᠤᠷᠤᠯᠭ᠎ᠠ ᠲᠡᠳᠬᠦᠬᠦ ᠠᠵᠢᠯᠯᠠᠭ᠎ᠠ ᠥᠷᠨᠢᠭᠦᠯᠦᠨ᠎ᠡ᠃ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠵᠡᠮᠳᠡᠭ | ᠣᠶᠤᠲᠠᠨ᠂ ᠵᠡᠮᠳᠡᠭᠴᠦᠳ ᠤᠨ ᠦᠷ᠎ᠡ ᠬᠡᠦᠬᠡᠳ ᠲᠤ ᠵᠡᠮᠳᠡᠭᠴᠦᠳ ᠢ ᠲᠡᠳᠬᠦᠨ ᠰᠤᠷᠤᠯᠭ᠎ᠠ ᠶᠢ ᠨᠢ ᠲᠤᠰᠠᠯᠠᠬᠤ ᠶᠢ | ᠬᠡᠷᠡᠭᠵᠢᠭᠦᠯᠵᠦ᠂ ᠵᠡᠮᠳᠡᠭ ᠰᠤᠷᠤᠭᠴᠢᠳ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠪᠠᠲᠤᠯᠠᠨ᠎ᠠ᠃ ᠬᠤᠶᠠᠷ ᠲᠤ᠂ | ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠥᠷᠨᠢᠭᠦᠯᠦᠨ᠎ᠡ᠃ ᠡᠯ᠎ᠡ ᠲᠥᠷᠥᠯ ᠤᠨ ᠵᠡᠮᠳᠡᠭᠴᠦᠳ ᠤᠨ ᠰᠣᠶᠣᠯ | ᠪᠡᠶ᠎ᠡ ᠶᠢᠨ ᠲᠠᠮᠢᠷ ᠤᠨ ᠬᠥᠳᠡᠯᠭᠡᠭᠡᠨ ᠢ ᠢᠳᠡᠪᠬᠢᠲᠡᠶ ᠡᠷᠬᠢᠯᠡᠵᠦ᠂ ᠵᠡᠮᠳᠡᠭᠴᠦᠳ ᠤᠨ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ᠭᠤᠷᠪᠠ ᠳᠤ᠂ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠦᠨ᠎ᠡ᠃ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭᠴᠦᠳ ᠤᠨ ᠪᠠᠲᠤᠯᠠᠭ᠎ᠠ ᠶᠢᠨ ᠬᠠᠤᠯᠢ︾ ᠪᠣᠯᠤᠨ | ᠵᠡᠮᠳᠡᠭᠴᠦᠳ ᠤᠨ ᠦᠢᠯᠡᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ | ᠡᠷᠴᠢᠮ ᠢᠶᠠᠨ ᠨᠡᠮᠡᠭᠳᠡᠭᠦᠯᠵᠦ᠂ ᠵᠡᠮᠳᠡᠭᠴᠦᠳ ᠢ ᠬᠥᠲᠥᠯᠥᠨ ᠵᠢᠯᠣᠭᠤᠳᠴᠤ ᠬᠠᠤᠯᠢ ᠶᠢ ᠰᠤᠷᠤᠯᠴᠠᠭᠤᠯᠵᠤ | ᠬᠠᠤᠯᠢ ᠶᠢ ᠰᠠᠬᠢᠭᠤᠯᠤᠨ ᠬᠠᠤᠯᠢ ᠶᠢ ᠬᠡᠷᠡᠭᠯᠡᠭᠦᠯᠵᠦ᠂ ᠲᠤᠰ ᠪᠡᠶ᠎ᠡ ᠶᠢᠨ ᠡᠷᠬᠡ ᠠᠰᠢᠭ ᠢᠶᠠᠨ ᠬᠠᠤᠯᠢ ᠶᠣᠰᠣᠭᠠᠷ | ᠬᠠᠮᠠᠭᠠᠯᠠᠬᠤ ᠶᠢ ᠨᠢ ᠠᠬᠢᠭᠤᠯᠤᠨ᠎ᠠ᠃ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠬᠡᠷᠡᠭᠴᠡᠭᠡ ᠲᠠᠢ ᠵᠡᠮᠳᠡᠭᠴᠦᠳ ᠲᠤ ᠰᠦᠢᠳᠬᠡᠯ ᠬᠤᠷᠢᠶᠠᠬᠤ | ᠦᠭᠡᠶ ᠪᠠᠷ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠨ᠎ᠠ᠃ ᠵᠡᠮᠳᠡᠭᠴᠦᠳ ᠤᠨ ᠬᠦᠰᠡᠯ ᠱᠠᠭᠠᠷᠳᠠᠯᠭ᠎ᠠ ᠪᠠᠨ | ᠢᠯᠡᠳᠬᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠶ ᠨᠡᠪᠲᠡᠷᠡᠭᠦᠯᠵᠦ᠂ ᠵᠡᠮᠳᠡᠭᠴᠦᠳ ᠤᠨ ᠤᠲᠠᠰᠤ | ᠢᠷᠡᠬᠦ ᠵᠠᠬᠢᠳᠠᠯ ᠰᠤᠷᠪᠤᠯᠵᠢᠯᠠᠭ᠎ᠠ ᠬᠢᠬᠦ ᠶᠢ ᠲᠣᠬᠢᠲᠠᠶ ᠰᠢᠢᠳᠪᠦᠷᠢᠯᠡᠨ᠎ᠡ᠃ ᠳᠥᠷᠪᠡ ᠳᠤ᠂ ᠨᠡᠶᠢᠭᠡᠮ ᠨᠡᠶᠢᠲᠡ ᠪᠠᠷ | ᠵᠡᠮᠳᠡᠭᠴᠦᠳ ᠢ ᠲᠤᠰᠠᠯᠠᠬᠤ ᠠᠵᠢᠯ ᠢ ᠥᠷᠨᠢᠭᠦᠯᠦᠨ᠎ᠡ᠃ ᠡᠯ᠎ᠡ ᠲᠥᠷᠥᠯ ᠤᠨ ᠵᠡᠮᠳᠡᠭᠴᠦᠳ ᠤᠨ ᠭᠤᠣᠯ ᠰᠡᠳᠦᠪᠲᠦ | ᠤᠬᠠᠭᠤᠯᠭ᠎ᠠ ᠶᠢᠨ ᠡᠳᠦᠷ ᠤᠨ ᠲᠣᠭᠤᠷᠢᠨ ᠳᠤ᠂ ᠰᠠᠶᠢᠨ ᠳᠤᠷ᠎ᠠ ᠠᠴᠠ ᠪᠠᠨ ᠵᠡᠮᠳᠡᠭᠴᠦᠳ ᠢ ᠲᠤᠰᠠᠯᠠᠬᠤ᠂ ᠡᠷᠭᠢᠨ | ᠦᠵᠡᠵᠦ ᠲᠣᠬᠤᠨᠢᠭᠤᠯᠬᠤ᠂ ᠪᠤᠶᠠᠨ ᠬᠤᠷᠢᠶᠠᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠨᠡᠶᠢᠭᠡᠮ ᠠᠴᠠ ᠵᠡᠮᠳᠡᠭᠴᠦᠳ ᠢ ᠲᠤᠰᠠᠯᠠᠬᠤ ᠶᠢ ᠤᠷᠢᠶᠠᠯᠠᠵᠤ᠂ ᠪᠦᠬᠦ ᠨᠡᠶᠢᠭᠡᠮ ᠢᠶᠠᠷ ᠢᠶᠠᠨ | ᠵᠡᠮᠳᠡᠭᠴᠦᠳ ᠢ ᠲᠤᠰᠠᠯᠠᠵᠤ ᠵᠡᠮᠳᠡᠭᠴᠦᠳ ᠢ ᠲᠡᠳᠬᠦᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠤᠯᠭᠠᠨ᠎ᠠ᠃ | ᠵᠡᠮᠳᠡᠭᠴᠦᠳ ᠤᠨ ᠠᠵᠢᠯ᠂ ᠵᠡᠮᠳᠡᠭᠴᠦᠳ ᠤᠨ ᠲᠡᠷᠢᠭᠦᠨ ᠤ ᠬᠥᠮᠦᠰ ᠪᠣᠯᠤᠨ ᠨᠡᠶᠢᠭᠡᠮ ᠳᠠᠬᠢ ᠵᠡᠮᠳᠡᠭᠴᠦᠳ ᠢ | ᠲᠤᠰᠠᠯᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠵᠡᠮᠳᠡᠭᠴᠦᠳ ᠤᠨ | ᠠᠵᠢᠯ ᠤᠨ ᠨᠥᠯᠥᠭᠡᠯᠡᠬᠦ ᠬᠡᠪᠴᠢᠶ᠎ᠡ ᠶᠢ ᠤᠯᠠᠮ ᠦᠷᠭᠡᠳᠭᠡᠨ᠎ᠡ᠃ |