ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ2023 ᠤᠨ ᠤ ᠠᠩᠬ᠎ᠠ ᠭᠤᠷᠪᠠ ᠶᠢᠨ ᠲᠡᠭᠦᠰᠬᠦ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/6/29
      6 ᠰᠠᠷ᠎ᠠ ᠶᠢᠨ28 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ2023 ᠤᠨ ᠤ ᠠᠩᠬ᠎ᠠ ᠭᠤᠷᠪᠠ ᠶᠢᠨ ᠲᠡᠭᠦᠰᠬᠦ ᠶᠤᠰᠤᠯᠠᠯ ᠶᠠᠪᠤᠭᠳᠠᠭᠤᠯᠪᠠ᠃      ᠶᠤᠰᠤᠯᠠᠯ ᠳᠤ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠰᠤᠷᠭᠠᠭᠤᠯᠢ ᠠᠴᠠ ᠰᠢᠯᠢᠳᠡᠭ ᠲᠡᠭᠦᠰᠬᠦ ᠰᠤᠷᠤᠭᠴᠢᠳ ᠲᠤ ᠱᠠᠩᠨᠠᠯ ᠭᠠᠷᠳᠠᠭᠤᠯᠵᠦ᠂ ᠲᠡᠭᠦᠰᠬᠦ ᠣᠨ ᠤ ᠰᠤᠷᠤᠭᠴᠢᠳ ᠠᠴᠠ ᠡᠬᠡ ᠰᠤᠷᠭᠠᠭᠤᠯᠢ ᠳᠤ ᠪᠠᠨ ᠲᠤᠷᠠᠰᠬᠠᠯ ᠤᠨ ᠪᠡᠯᠡᠭ ᠬᠦᠷᠭᠡᠨ᠂ ᠰᠤᠷᠭᠠᠭᠤᠯᠢ ᠶᠢᠨ ᠵᠠᠬᠢᠷᠤᠯ  ᠠᠴᠠ ᠬᠢᠴᠢᠶᠡᠯ ᠤᠨ ᠪᠠᠭᠰᠢ ᠲᠠᠢ ᠪᠠᠨ ᠰᠠᠯᠤᠬᠤ ᠶᠤᠰᠤᠯᠠᠯ ᠭᠦᠢᠴᠡᠳᠭᠡᠵᠦ᠂ ᠡᠷᠢᠯ ᠬᠦᠰᠡᠯ ᠤᠨ ᠲᠤᠯᠠᠭᠠᠨ ᠪᠠᠭᠤᠴᠠ᠂ ᠡᠷᠳᠡᠮ ᠰᠤᠶᠤᠯ ᠤᠨ ᠦᠯᠦᠭᠡᠢ ᠡᠬᠡ ᠰᠤᠷᠭᠠᠭᠤᠯᠢ ᠠᠴᠠ ᠪᠠᠨ ᠠᠶᠠᠷᠯᠠᠵᠦ᠂ ᠰᠢᠨ᠎ᠡ ᠠᠶᠠᠨ ᠤ ᠵᠢᠯᠤᠭᠤ ᠡᠷᠭᠦᠯ᠎ᠡ᠃
微信图片_20230630103234.jpg
      ᠲᠠᠷᠠᠭ᠎ᠠ ᠨᠢ᠂ ᠲᠡᠭᠦᠰᠬᠦ ᠤᠨ ᠤ ᠰᠤᠷᠤᠭᠴᠢ ᠶᠢᠨ ᠲᠦᠯᠦᠭᠡᠯᠡᠭᠴᠢ ᠠᠴᠠ ᠡᠯᠢᠭᠡᠨ ᠬᠠᠶᠢᠷᠠᠳᠦ ᠡᠬᠡ ᠰᠤᠷᠭᠠᠭᠤᠯᠢ᠂ ᠡᠷᠳᠡᠮ ᠤᠨ ᠰᠢᠮ᠎ᠡ ᠪᠠᠷ ᠬᠦᠮᠦᠵᠢᠭᠦᠯᠦᠭᠰᠡᠨ ᠡᠨᠡᠷᠢᠯᠳᠦ ᠤᠯᠠᠨ ᠪᠠᠭᠰᠢ ᠨᠠᠷ ᠤᠨ ᠢᠶᠠᠨ ᠠᠴᠢ ᠭᠠᠪᠢᠶ᠎ᠠ ᠡᠷᠳᠡᠮ ᠳᠤ ᠲᠠᠯᠠᠷᠬᠠᠵᠦ ᠬᠦᠨᠳᠦᠳᠭᠡᠯ ᠲᠡᠪᠰᠢᠭᠦᠯᠪᠡ᠃ ᠮᠤᠩᠭᠤᠯ ᠰᠤᠷᠭᠠᠭᠤᠯᠢ ᠶᠢᠨ ᠵᠠᠬᠢᠷᠤᠯ ᠪᠠ ᠲᠡᠭᠦᠰᠬᠦ ᠠᠩᠭᠢ ᠶᠢᠨ ᠪᠠᠭᠰᠢ ᠨᠠᠷ ᠠᠴᠠ ᠰᠤᠷᠤᠭᠴᠢᠳ ᠲᠠᠭᠠᠨ ᠢᠷᠦᠬᠡᠯ ᠵᠦᠩᠨᠡᠯ ᠲᠡᠪᠰᠢᠭᠦᠯᠵᠦ᠂ ᠰᠤᠷᠤᠯᠭ᠎ᠠ ᠠᠮᠢᠳᠤᠷᠠᠯ ᠳᠤ ᠪᠠᠨ ᠴᠦᠬᠦᠷᠡᠰᠢ ᠦᠭᠡᠢ ᠴᠢᠷᠮᠠᠶᠢᠵᠦ᠂ ᠠᠬᠠᠰ ᠵᠠᠬᠠᠰ ᠢᠶᠠᠨ ᠤᠯᠠᠨ ᠳᠤ ᠪᠠᠨ ᠬᠦᠷᠢᠶᠡᠯᠡᠯ ᠲᠠᠢ᠂ ᠠᠮᠵᠢᠯᠳᠠ ᠪᠦᠳᠦᠭᠡᠯ ᠲᠠᠢ ︽ᠰᠤᠷᠭᠠᠭᠤᠯᠢ ᠮᠢᠨᠢ ᠪᠠᠶᠠᠷᠳᠠᠢ︾ ᠬᠡᠮᠡᠬᠦ ᠬᠠᠮᠳᠦ ᠶᠢᠨ ᠲᠠᠭᠤᠤ ᠪᠠᠷ ᠰᠢᠩᠭᠡᠬᠦ ᠨᠠᠷᠠ  ᠲᠠᠢ ᠬᠠᠮᠳᠦ ᠤᠴᠢᠷᠳᠠᠢ ᠰᠠᠶᠢᠬᠠᠨ ᠦᠨᠳᠦᠷᠯᠡᠭᠰᠡᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号