ᠴᠢᠯᠦᠭᠡᠯᠡᠯᠳᠡ ᠵᠡᠭᠡᠯᠢ ᠶᠢᠨ ᠨᠡᠶᠢᠬᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ︽7.1︾ ᠢᠶᠠᠨ ᠪᠡᠯᠭᠡᠯᠡᠬᠦ ᠤᠷᠠᠨ ᠰᠠᠶᠢᠬᠠᠨ ᠤ ᠲᠤᠭᠯᠠᠯᠳᠠ ᠡᠷᠬᠢᠯᠡᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/6/30
      ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ102 ᠵᠢᠯ ᠤᠨ ᠤᠢ ᠶᠢ ᠪᠡᠯᠭᠡᠯᠡᠬᠦ ᠶᠢᠨ ᠲᠦᠯᠦᠭᠡ6 ᠰᠠᠷ᠎ᠠ ᠶᠢᠨ29 ᠤ ᠤᠷᠤᠢ᠂ ᠴᠢᠯᠦᠭᠡᠯᠯᠡᠳᠡ ᠵᠡᠭᠡᠯᠢ ᠶᠢᠨ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠲᠠᠯ᠎ᠠ ᠨᠤᠳᠤᠭ ᠤᠨ ᠰᠤᠶᠤᠯ ᠤᠨ ᠤᠷᠳᠤᠨ ᠤ ᠡᠮᠦᠨ᠎ᠡ ︽7.1︾ ᠢᠶᠠᠨ ᠪᠡᠯᠭᠡᠯᠡᠬᠦ ᠤᠷᠠᠨ ᠰᠠᠶᠢᠬᠠᠨ ᠤ ᠲᠤᠭᠯᠠᠯᠳᠠ ᠶᠢ ᠡᠷᠬᠢᠯᠡᠨ ᠶᠠᠪᠤᠭᠳᠠᠭᠤᠯᠪᠠ᠃
微信图片_20230703155048.jpg
      ᠤᠷᠠᠨ ᠰᠠᠶᠢᠬᠠᠨ ᠤ ᠲᠤᠭᠯᠠᠯᠳᠠ ᠪᠠᠨ᠂ ︽ᠡᠪ ᠬᠠᠮᠳᠦ ᠨᠠᠮ ᠪᠠᠶᠢᠬᠤ ᠦᠭᠡᠢ ᠪᠤᠯ ᠰᠢᠨ᠎ᠡ ᠲᠤᠮᠳᠠᠳᠦ ᠤᠯᠤᠰ ᠪᠠᠶᠢᠬᠤ ᠦᠭᠡᠢ ᠬᠡᠭᠦ ᠠᠶ᠎ᠠ ᠲᠠᠭᠤᠤ ᠪᠠᠷ ᠬᠦᠰᠢᠬᠡ ᠪᠠᠨ ᠰᠡᠭᠦᠵᠦ᠂ ︽ᠨᠠᠮ ᠤᠨ ᠬᠤᠷᠢᠳᠤᠭᠠᠷ ᠶᠡᠭᠡ ᠬᠤᠷᠠᠯ  ᠤᠨ ᠵᠤᠷᠢᠭ ᠰᠠᠨᠠᠭ᠎ᠠ ᠤᠯᠠᠨ ᠤ ᠰᠡᠳᠬᠢᠯ ᠢ ᠲᠤᠯᠠᠭᠠᠴᠠᠭᠤᠯᠤᠨ᠎ᠠ︾᠂ ︽ᠬᠤᠨ ᠭᠠᠯᠠᠭᠤ︾᠂ ︽ᠠᠪᠤ ᠡᠵᠢ ᠶᠢᠨ ᠲᠠᠯ᠎ᠠ ᠨᠤᠳᠤᠭ︾ ︽ᠴᠠᠬᠢᠯᠭᠠᠨ ᠬᠤᠯᠪᠤᠭᠠᠨ ᠤ ᠮᠡᠬᠡᠯᠡᠯ ᠢ ᠰᠡᠷᠭᠡᠶᠢᠯᠡᠶ᠎ᠡ︾ ᠵᠡᠷᠭᠡ ᠭᠤᠶᠢᠳᠠ ᠰᠠᠶᠢᠬᠠᠨ ᠲᠤᠭᠯᠠᠯᠳᠠ  ᠨᠢ ᠬᠦᠷᠦᠯᠴᠡᠨ ᠢᠷᠡᠭᠰᠡᠨ ᠰᠠᠭᠤᠭᠠᠯᠢ ᠠᠷᠠᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃      ᠲᠤᠰ ᠤᠳᠠᠭᠠᠨ ᠤ ᠤᠷᠠᠨ ᠰᠠᠶᠢᠬᠠᠨ ᠤ ᠲᠤᠭᠯᠠᠯᠳᠠ ᠨᠢ᠂ ᠬᠠᠷᠢᠶᠠᠳᠦ ᠤᠷᠤᠨ ᠤ ᠪᠠᠨ ᠰᠠᠭᠤᠭᠠᠯᠢ ᠠᠷᠠᠳ  ᠲᠤ ᠬᠦᠮᠦᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠠᠩᠭᠠᠵᠦ᠂ ᠡᠶ᠎ᠡ ᠵᠤᠬᠢᠴᠠᠯ ᠲᠠᠢ ᠨᠡᠶᠢᠭᠡᠮ ᠲᠤᠭᠤᠷᠢᠭ ᠤᠨ ᠤᠯᠠᠨ ᠲᠦᠮᠡᠨ ᠤ ᠴᠤᠭ ᠪᠠᠳᠠᠷᠠᠩᠭᠤᠢ ᠤᠶᠤᠨ ᠰᠠᠨᠠᠭᠠᠨ ᠤ ᠲᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂ ᠪᠤᠯᠪᠠᠰᠤᠨ ᠡᠶ᠎ᠡ ᠵᠤᠬᠢᠴᠠᠯᠳᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号