ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ︽ᠰᠡᠳᠬᠢᠯ ᠵᠢᠷᠦᠬᠡ ᠪᠠᠨ ᠨᠢᠭᠡᠳᠭᠡᠵᠦ ᠠᠨᠠᠷ ᠤᠨ ᠦᠷ᠎ᠡ ᠮᠡᠳᠦ ᠨᠢᠠᠠᠳᠠᠷᠠᠨ ᠪᠦᠯᠬᠦᠮᠳᠡᠬᠦ︾ ᠬᠤᠷᠢᠨ ᠬᠤᠶᠠᠳᠤᠭᠠᠷ ᠬᠤᠭᠤᠴᠠᠭᠠᠨ ᠤ ᠪᠠᠭᠠᠴᠣᠳ ᠬᠡᠥᠬᠡᠳ ᠤᠨ ᠤᠷᠠᠯᠢᠭ ᠤᠨ ᠨᠠᠶᠢᠷ ᠵᠢᠴᠢ ᠵᠢᠷᠭᠤᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠣᠳ ᠠᠷᠪᠠᠨ ᠬᠤᠶᠠᠳᠤᠭᠠᠷ ᠬᠤᠭᠤᠴᠠᠭ᠎ᠠ ᠤ ᠶᠤᠰᠤ ᠰᠤᠷᠳᠠᠬᠤᠨ ᠲᠠᠢ ᠪᠠᠭᠠᠴᠣᠳ ᠤᠨ ᠱᠠᠩᠨᠠᠯ ᠤᠯᠭᠤᠬᠤ ᠶᠤᠰᠤᠯᠠᠯ ᠡᠷᠬᠢᠯᠡᠪᠡ
ᠨᠡᠶᠢᠲᠡᠯᠡᠭᠰᠡᠨ ᠴᠠᠭ᠄
2023/6/30
      6 ᠰᠠᠷ᠎ᠠ ᠶᠢᠨ29 ᠤ ᠦᠳᠡ ᠶᠢᠨ ᠡᠮᠦᠨ᠎ᠡ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠰᠡᠳᠬᠢᠯ ᠵᠢᠷᠦᠬᠡ ᠪᠠᠨ ᠨᠢᠭᠡᠳᠭᠡᠵᠦ ᠠᠨᠠᠷ ᠤᠨ ᠦᠷ᠎ᠡ ᠮᠡᠳᠦ ᠨᠢᠠᠠᠳᠠᠷᠠᠨ ᠪᠦᠯᠬᠦᠮᠳᠡᠬᠦ︾ ᠬᠤᠷᠢᠨ ᠬᠤᠶᠠᠳᠤᠭᠠᠷ ᠬᠤᠭᠤᠴᠠᠭᠠᠨ ᠤ ᠪᠠᠭᠠᠴᠣᠳ ᠬᠡᠥᠬᠡᠳ ᠤᠨ ᠤᠷᠠᠯᠢᠭ ᠤᠨ ᠨᠠᠶᠢᠷ ᠵᠢᠴᠢ ᠵᠢᠷᠭᠤᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠣᠳ᠂ ᠠᠷᠪᠠᠨ ᠬᠤᠶᠠᠳᠤᠭᠠᠷ ᠬᠤᠭᠤᠴᠠᠭᠠᠨ ᠤ ᠶᠤᠰᠤ ᠰᠤᠷᠳᠠᠬᠤᠨ ᠲᠠᠢ ᠪᠠᠭᠠᠴᠣᠳ ᠤᠨ ᠱᠠᠩᠨᠠᠯ ᠤᠯᠭᠤᠬᠤ ᠶᠤᠰᠤᠯᠠᠯ ᠬᠠᠮ ᠵᠠᠭᠤᠴᠢᠯᠠᠭᠤᠷ ᠤᠨ ᠲᠦᠪ ᠤᠨ ᠲᠤᠭᠯᠠᠯᠳᠠ ᠶᠢᠨ ᠲᠢᠩᠬᠢᠮ ᠳᠤ ᠶᠠᠪᠤᠭᠳᠠᠭᠰᠠᠨ ᠪᠠᠶᠢᠨ᠎ᠠ᠃
      ᠶᠤᠰᠤᠯᠠᠯ ᠳᠤ᠂ ᠰᠤᠷᠭᠠᠨ ᠬᠦᠮᠦᠵᠢᠯ ᠤᠨ ᠲᠤᠪᠴᠢᠶ᠎ᠠ ᠠᠴᠠ ᠬᠤᠷᠢᠨ ᠬᠤᠶᠠᠳᠤᠭᠠᠷ ᠬᠤᠭᠤᠴᠠᠭᠠᠨ ᠤ ᠪᠠᠭᠠᠴᠣᠳ ᠬᠡᠥᠬᠡᠳ ᠤᠨ ᠤᠷᠠᠯᠢᠭ ᠤᠨ ᠨᠡᠶᠢᠷ ᠤᠨ ᠨᠢᠭᠡ ᠬᠤᠶᠠᠷ ᠭᠤᠷᠪᠠᠳᠤᠭᠠᠷ ᠨᠡᠷᠡᠰ᠂ ᠰᠢᠯᠢᠳᠡᠭ ᠨᠡᠷᠡᠰ ᠲᠤ ᠲᠤᠳᠤᠷᠠᠭᠰᠠᠨ ᠡᠯ᠎ᠡ ᠲᠤᠮᠳᠠᠳᠦ ᠪᠠᠭ᠎ᠠ ᠰᠤᠷᠭᠠᠭᠤᠯᠢ᠂ ᠬᠡᠥᠬᠡᠳ ᠤᠨ ᠴᠡᠴᠡᠷᠯᠢᠭ ᠢ ᠬᠦᠬᠢᠭᠦᠯᠦᠨ ᠱᠠᠩᠨᠠᠬᠤ ᠶᠢᠨ ᠬᠠᠮᠳᠦ ᠪᠠᠰᠠ ᠵᠢᠷᠭᠤᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠣᠳ ᠪᠠ ᠠᠷᠪᠠᠨ ᠬᠤᠶᠠᠳᠤᠭᠠᠷ ᠬᠤᠭᠤᠴᠠᠭᠠᠨ ᠤ ᠶᠤᠰᠤ ᠰᠤᠷᠳᠠᠬᠤᠨ ᠲᠠᠢ ᠪᠠᠭᠠᠴᠤᠳ ᠲᠤ ᠱᠠᠩᠨᠠᠯ ᠤᠯᠭᠤᠭᠰᠠᠨ ᠪᠠᠶᠢᠨ᠎ᠠ᠃ ᠲᠤᠰ ᠠᠵᠢᠯᠯᠠᠭ᠎ᠠ ᠨᠢ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠮᠳᠠᠳᠦ ᠪᠠᠭ᠎ᠠ ᠰᠤᠷᠭᠠᠭᠤᠯᠢ᠂ ᠬᠡᠥᠬᠡᠳ ᠤᠨ ᠴᠡᠴᠡᠷᠯᠢᠭ ᠤᠨ ᠡᠬᠡ ᠤᠯᠤᠰ ᠢᠶᠠᠨ ᠬᠠᠶᠢᠷᠠᠯᠠᠬᠤ᠂ ᠵᠤᠷᠢᠭᠳᠠᠢ ᠪᠠᠷ ᠬᠠᠶᠢᠨ ᠰᠦᠪᠡᠭᠴᠢᠯᠡᠬᠦ᠂ ᠡᠷᠡᠭᠦᠯ ᠰᠠᠷᠠᠭᠤᠯ ᠦᠬᠡᠳᠡᠷᠬᠡᠭ ᠵᠤᠷᠢᠭ ᠰᠠᠨᠠᠭᠠᠨ ᠤ ᠲᠦᠷᠰᠦ ᠪᠠᠶᠢᠳᠠᠯ ᠪᠠ ᠰᠢᠨ᠎ᠡ ᠶᠢ ᠡᠭᠦᠳᠬᠦ ᠵᠢᠪᠬᠤᠭ᠎ᠠ ᠶᠢ ᠬᠠᠷᠠᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号