ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2023 ᠤᠨ ᠤ ᠤᠯᠠᠮᠵᠢᠯᠯᠠᠳᠦ ᠰᠤᠷ ᠬᠠᠷᠪᠤᠯᠳᠠ ᠶᠢᠨ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/6/8
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠲᠠᠮᠢᠷ ᠢ ᠤᠯᠠᠮᠵᠢᠯᠠᠨ ᠬᠦᠭᠵᠢᠭᠦᠯᠵᠦ᠂ ᠤᠯᠠᠨ ᠲᠦᠮᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠲᠠᠰᠤᠷᠠᠯᠳᠠ ᠦᠭᠡᠢ ᠪᠠᠳᠤᠳᠬᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠦᠮᠦᠵᠢᠯ ᠢ ᠭᠦᠨᠵᠡᠭᠡᠶᠢᠷᠡᠭᠦᠯᠦᠨ᠂ ᠤᠯᠠᠨ ᠲᠦᠮᠡᠨ  ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠤᠨ ᠬᠢᠷᠢ ᠲᠦᠪᠰᠢᠨ ᠢ ᠲᠡᠭᠡᠭᠰᠢᠯᠡᠭᠦᠯᠬᠦ ᠶᠢᠨ ᠲᠦᠯᠦᠭᠡ6 ᠰᠠᠷ᠎ᠠ ᠶᠢᠨ7  ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2023 ᠤᠨ ᠤ ᠤᠯᠠᠮᠵᠢᠯᠠᠯᠳᠦ ᠰᠤᠷ ᠬᠠᠷᠪᠤᠯᠳᠠ  ᠶᠢᠨ ᠤᠷᠤᠯᠳᠤᠭᠠᠨ ᠪᠠᠳᠤᠬᠠᠭᠠᠯᠭ᠎ᠠ ᠪᠠᠯᠭᠠᠰᠤᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠪ ᠳᠤ ᠶᠠᠪᠤᠭᠳᠠᠭᠰᠠᠨ ᠪᠠᠶᠢᠨ᠎ᠠ᠃       ᠲᠤᠰ ᠣᠳᠠᠭᠠᠨ ᠤ ᠤᠯᠠᠮᠵᠢᠯᠯᠠᠳᠦ ᠰᠤᠷ ᠬᠠᠷᠪᠤᠯᠳᠠ ᠶᠢᠨ ᠤᠷᠤᠯᠳᠤᠭᠠᠨ ᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠵᠢᠯᠴᠢᠨ ᠤ ᠶᠡᠷᠦᠩᠭᠡᠢ ᠡᠪᠯᠡᠯ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠠᠴᠠ ᠭᠤᠤᠯᠯᠠᠨ ᠡᠷᠬᠢᠯᠡᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠯᠠᠮᠵᠢᠯᠯᠠᠳᠦ ᠪᠡᠶ᠎ᠡ ᠲᠠᠮᠢᠷ ᠤᠨ ᠨᠡᠶᠢᠭᠡᠮᠯᠢᠭ ᠠᠴᠠ ᠲᠠᠭᠠᠭᠠᠴᠢᠯᠠᠨ ᠡᠷᠬᠢᠯᠡᠪᠡ᠃
微信图片_20230608105001.png
      ᠤᠷᠤᠯᠳᠤᠭᠠᠨ ᠳᠤ ᠬᠦᠬᠡᠬᠤᠳᠠ᠂ ᠪᠠᠶᠠᠨᠨᠠᠭᠤᠷ᠂ ᠰᠢᠯᠢ ᠶᠢᠨ ᠭᠤᠤᠯ᠂ ᠤᠷᠳᠤᠰ᠂ ᠤᠯᠠᠭᠠᠨᠴᠠᠪ ᠵᠡᠷᠭᠡ ᠠᠶᠢᠮᠠᠭ ᠬᠤᠳᠠ ᠵᠢᠴᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ170 ᠭᠠᠷᠤᠢ ᠨᠡᠷᠡᠰ ᠰᠤᠷ ᠬᠠᠷᠪᠤᠯᠳᠠ  ᠶᠢᠨ ᠲᠠᠮᠢᠷᠴᠢᠳ ᠤᠷᠤᠯᠴᠠᠵᠦ᠂ ᠬᠠᠭᠠᠰ ᠡᠳᠦᠷ ᠤᠨ ᠤᠷᠤᠯᠳᠤᠭᠠᠨ ᠢᠶᠠᠷ ᠲᠠᠮᠵᠢᠨ30 ᠮᠧᠲᠷ ᠤᠨ ᠬᠠᠷᠪᠤᠯᠳᠠ ᠶᠢᠨ ᠡᠷᠡᠭᠳᠡᠢ ᠶᠢᠨ ᠲᠤᠭᠤᠶᠢᠯᠠᠩ ᠳᠤ ᠤᠷᠳᠤᠰ ᠬᠤᠳᠠ ᠶᠢᠨ ᠦᠥᠰᠢᠨ ᠬᠤᠰᠢᠭᠤᠨ ᠤ ᠪᠠᠷᠰ ᠲᠡᠷᠢᠭᠦᠯᠡᠵᠦ᠂ ᠰᠢᠯᠢ ᠶᠢᠨ ᠭᠤᠤᠯ ᠠᠶᠢᠮᠠᠭ ᠤᠨ ᠬᠡᠪᠡᠭᠡᠳᠦ ᠰᠢᠷ᠎ᠠ ᠬᠤᠰᠢᠭᠤᠨ ᠤ ᠲᠤᠤᠯᠢᠰ ᠲᠡᠳ᠋ᠯᠡᠨ᠂ ᠰᠢᠯᠢ ᠶᠢᠨ ᠭᠤᠤᠯ ᠠᠶᠢᠮᠠᠭ ᠤᠨ ᠠᠪᠠᠭ᠎ᠠ ᠬᠤᠰᠢᠭᠤᠨ ᠤ ᠵᠢᠷᠤᠮᠳᠦ ᠭᠤᠷᠪᠠᠳᠤᠭᠠᠷ ᠲᠤ ᠤᠷᠤᠵᠦ᠂ ᠰᠢᠯᠢ ᠶᠢᠨ ᠭᠤᠤᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠬᠠᠰᠪᠠᠭᠠᠨ᠎ᠠ ᠲᠦᠷᠪᠡᠳᠦᠭᠡᠷ ᠲᠤ ᠤᠷᠤᠵᠠᠢ᠃ ᠡᠮᠡᠭᠳᠡᠢ ᠶᠢᠨ ᠲᠤᠭᠤᠶᠢᠯᠠᠩ ᠳᠤ ᠰᠢᠯᠢ ᠶᠢᠨ ᠭᠤᠤᠯ ᠠᠶᠢᠮᠠᠭ ᠤᠨ ᠬᠦᠪᠡᠭᠡᠳᠦ ᠰᠢᠷ᠎ᠠ ᠬᠤᠰᠢᠭᠤᠨ ᠤ ᠠᠯᠳᠠᠨᠴᠢᠮᠡᠭ ᠲᠡᠷᠢᠭᠦᠯᠡᠵᠦ᠂ ᠰᠢᠯᠢ ᠶᠢᠨ ᠭᠤᠤᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠦᠷᠡᠨᠳᠤᠶᠠᠭ᠎ᠠ ᠲᠡᠳ᠋ᠯᠡᠨ᠂ ᠤᠯᠠᠭᠠᠨᠴᠠᠪ ᠬᠤᠳᠠ ᠶᠢᠨ ᠲᠦᠷᠪᠡᠳ ᠬᠤᠰᠢᠭᠤᠨ ᠤ ᠠᠯᠳ᠋ᠬᠤᠳᠤ ᠭᠤᠷᠪᠠᠳᠤᠭᠠᠷ ᠲᠤ ᠤᠷᠤᠵᠦ᠂ ᠰᠢᠯᠢ ᠶᠢᠨ ᠭᠤᠤᠯ ᠠᠶᠢᠮᠠᠭ ᠤᠨ ᠰᠦᠨᠢᠳ ᠵᠡᠭᠦᠨ ᠬᠤᠰᠢᠭᠤᠨ ᠤ ᠬᠠᠰᠴᠢᠮᠡᠭ ᠲᠦᠷᠪᠡᠳᠦᠭᠡᠷ ᠨᠡᠷᠡᠡᠰ ᠲᠤ ᠲᠤᠳᠤᠷᠠᠭᠰᠠᠨ ᠪᠠᠶᠢᠨ᠎ᠠ᠃ ᠤᠷᠤᠯᠳᠤᠭᠠᠨ ᠳᠤ ᠡᠷᠡᠭᠳᠡᠢ ᠶᠢᠨ ᠲᠤᠭᠤᠶᠢᠯᠠᠩ  ᠤᠨ ᠡᠮᠦᠨ᠎ᠡ16 ᠨᠡᠷᠡᠰ ᠢ ᠱᠠᠩᠨᠠᠵᠦ᠂ ᠡᠮᠡᠭᠳᠡᠢ ᠶᠢᠨ ᠲᠤᠭᠤᠶᠢᠯᠠᠩ ᠤᠨ ᠡᠮᠦᠨ᠎ᠡ8 ᠨᠡᠷᠡᠰ ᠢ ᠱᠠᠩᠨᠠᠭᠰᠠᠨ ᠪᠠᠶᠢᠨ᠎ᠠ᠃      ᠲᠤᠰ ᠤᠳᠠᠭᠠᠨ ᠤ ᠤᠷᠤᠯᠳᠤᠭᠠᠨ ᠨᠢ᠂ ᠦᠨᠳᠦᠰᠦᠳᠡᠨ ᠤ ᠰᠤᠶᠤᠯ ᠤᠨ ᠤᠯᠠᠮᠵᠢᠯᠠᠯ ᠢ ᠪᠠᠳᠠᠷᠠᠭᠤᠯᠤᠨ᠂ ᠲᠠᠮᠢᠷᠴᠢᠳ ᠬᠠᠷᠢᠯᠴᠠᠨ ᠰᠤᠷᠤᠯᠴᠠᠵᠦ᠂ ᠤᠯᠠᠨ ᠤ ᠪᠠᠬ᠎ᠠ ᠶᠢ ᠲᠠᠳᠠᠭᠰᠠᠨ ᠰᠠᠶᠢᠬᠠᠨ ᠤᠷᠤᠯᠳᠤᠭᠠᠨ ᠪᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号