ᠮᠠᠨ ᠤ ᠬᠤᠰᠢᠭᠤ ᠠᠷᠪᠠᠨ ᠵᠢᠷᠭᠤᠳᠤᠭᠠᠷ ︽6.9︾ ᠤ ᠤᠯᠠᠨ ᠤᠯᠤᠰ ᠤᠨ ᠲᠠᠩᠰᠠ ᠡᠪᠬᠡᠮᠡᠯ ᠤᠨ ᠡᠳᠦᠷ ᠤᠨ ᠤᠬᠠᠭᠤᠯᠭ᠎ᠠ ᠶᠢᠨ ᠠᠵᠢᠯᠯᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/6/9
      6 ᠰᠠᠷ᠎ᠠ ᠶᠢᠨ9 ᠤ ᠡᠳᠦᠷ᠂ ᠮᠠᠨ ᠤ ᠬᠤᠰᠢᠭᠤᠨ ᠤ ᠲᠠᠩᠰᠠᠨ ᠡᠪᠬᠡᠮᠡᠯ ᠤᠨ ᠲᠤᠪᠴᠢᠶ᠎ᠠ ᠪᠠ ᠲᠠᠩᠰᠠ ᠡᠪᠬᠡᠮᠡᠯ ᠤᠨ ᠤᠷᠳᠤᠨ ᠤ ᠡᠮᠦᠨ᠎ᠡ16 ᠳ᠋ᠤᠭᠠᠷ ︽6.9︾ ᠤ ᠣᠯᠠᠨ ᠤᠯᠤᠰ ᠤᠨ ᠲᠠᠩᠰᠠ ᠡᠪᠬᠡᠮᠡᠯ ᠤᠨ ᠡᠳᠦᠷ ᠤᠨ ᠤᠬᠠᠭᠤᠯᠭ᠎ᠠ ᠶᠢᠨ ᠬᠦᠳᠡᠯᠭᠡᠭᠡᠨ ᠢ ᠦᠷᠨᠢᠭᠦᠯᠦᠭᠰᠡᠨ ᠪᠠᠶᠢᠨ᠎ᠠ᠃      ᠲᠤᠰ ᠣᠳᠠᠭᠠᠨ ᠤ ᠠᠵᠢᠯᠯᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠰᠢ ᠶᠢᠨ ᠫᠢᠩ ᠶᠡᠷᠦᠩᠭᠡᠢ ᠱᠦᠵᠢ ᠶᠢᠨ ᠲᠠᠩᠰᠠ ᠡᠪᠬᠡᠮᠡᠯ ᠤᠨ ᠠᠵᠢᠯ  ᠤᠨ ᠲᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠤᠬᠠᠭᠤᠯᠵᠦ᠂ ︽ᠲᠦᠷᠪᠡᠨ ᠤᠬᠠᠮᠰᠠᠷ︾ ᠢᠶᠠᠨ ᠤᠯᠠᠮ ᠨᠢᠭᠡ ᠠᠯᠬᠤᠮ ᠴᠢᠩᠭᠠᠳᠬᠠᠵᠦ᠂ ︽ᠲᠦᠷᠪᠡᠨ ᠢᠳᠡᠭᠡᠯ︾ ᠢᠶᠠᠨ ᠪᠠᠳᠣᠳᠬᠠᠨ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠦ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠠᠩᠰᠠ ᠡᠪᠬᠡᠮᠡᠯ ᠤᠨ ᠬᠠᠥᠯᠢ︾ ᠶᠢ ᠲᠤᠭᠤᠰᠢᠯᠠᠭᠤᠯᠤᠨ᠂ ᠰᠢ ᠶᠢᠨ ᠫᠢᠩ ᠶᠡᠷᠦᠩᠭᠡᠢ ᠱᠦᠵᠢ ᠶᠢᠨ ᠲᠠᠩᠰᠠ ᠡᠪᠬᠡᠮᠡᠯ ᠤᠨ ᠠᠵᠢᠯ ᠳᠤ ᠲᠤᠷᠠᠳᠤᠭᠰᠠᠨ ︽ᠲᠦᠷᠪᠡᠨ ᠰᠠᠶᠢᠨ︾ ︽ᠬᠤᠶᠠᠷ ᠦᠢᠯᠡᠴᠢᠯᠡᠭᠡ︾ ᠶᠢᠨ ᠬᠠᠷᠠᠯᠳᠠ ᠡᠭᠦᠷᠭᠡ ᠶᠢᠨ ᠲᠤᠭᠤᠷᠢᠨ ᠳᠤ᠂ ᠲᠤᠮᠳᠠᠳᠦ ᠤᠯᠤᠰ ᠤᠨ ᠡᠪ ᠬᠠᠮᠳᠦ ᠨᠠᠮ ᠤᠨ ᠲᠠᠩᠰᠠ ᠡᠪᠬᠡᠮᠡᠯ ᠤᠨ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠵᠦ᠂ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ︽ᠨᠠᠮ  ᠤᠨ ᠲᠠᠩᠰᠠ ᠡᠪᠬᠡᠮᠡᠯ ᠢ ᠬᠠᠮᠢᠶᠠᠷᠬᠤ᠂ ᠤᠯᠤᠰ ᠤᠨ ᠲᠦᠯᠦᠭᠡ ᠲᠡᠥᠬᠡ ᠶᠢ ᠰᠠᠬᠢᠬᠤ᠂ ᠠᠷᠠᠳ ᠲᠦᠮᠡᠨ ᠳᠤ ᠦᠢᠯᠡᠴᠢᠯᠡᠬᠦ︾ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠨᠠᠮ ᠤᠨ ᠬᠤᠷᠢᠳᠤᠭᠠᠷ ᠶᠡᠭᠡ ᠬᠤᠷᠠᠯ  ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠯᠡᠴᠡᠭᠡᠨ ᠤ ᠠᠭᠤᠷ ᠠᠮᠢᠰᠬᠤᠯ  ᠢ ᠪᠤᠢ ᠪᠤᠯᠭᠠᠵᠦ᠂ ᠲᠠᠩᠰᠠ ᠡᠪᠬᠡᠮᠡᠯ ᠤᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠳᠠᠢ ᠬᠦᠭᠵᠢᠯᠳᠡ  ᠳᠤ ᠦᠵᠡᠯ ᠰᠠᠨᠠᠭᠠᠨ ᠤ ᠪᠠᠳᠤᠯᠠᠭ᠎ᠠ ᠪᠠ ᠤᠶᠤᠨ ᠰᠠᠨᠠᠭᠠᠨ ᠤ ᠬᠦᠴᠦᠨ ᠴᠢᠳᠠᠯ ᠬᠠᠩᠭᠠᠭᠰᠠᠨ ᠪᠠᠶᠢᠨ᠎ᠠ᠃
微信图片_20230612091051.jpg
微信图片_20230612091103.jpg
微信图片_20230612091111.jpg
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号