︽ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠬᠤ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ102 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠶᠠᠪᠤᠭᠳᠠᠭᠰᠠᠨ
ᠨᠡᠶᠢᠲᠡᠯᠡᠭᠰᠡᠨ ᠴᠠᠭ᠄
2023/7/1
      ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ102 ᠵᠢᠯ ᠤᠨ ᠤᠢ ᠶᠢ ᠪᠡᠯᠭᠡᠯᠡᠬᠦ ᠶᠢᠨ ᠲᠦᠯᠦᠭᠡ6 ᠰᠠᠷ᠎ᠠ ᠶᠢᠨ29 ᠤ ᠤᠷᠤᠢ᠂ ︽ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠲᠠᠭᠠᠬᠤ︾ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ102 ᠵᠢᠯ ᠤᠨ ᠤᠢ ᠶᠢ ᠪᠡᠯᠭᠡᠯᠡᠬᠦ ᠤᠷᠠᠨ ᠰᠠᠶᠢᠬᠠᠨ ᠤ ᠦᠳᠡᠰᠢᠯᠡᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠭᠯᠠᠯᠳᠠ ᠶᠢᠨ ᠲᠦᠪ ᠲᠤ ᠶᠠᠪᠤᠭᠳᠠᠪᠠ᠃
微信图片_20230703154624.jpg
      ᠦᠳᠡᠰᠢᠯᠡᠭᠡ ᠶᠢᠨ ︽ᠪᠢ ᠡᠬᠡ ᠤᠯᠤᠰ ᠲᠠᠢ ᠪᠠᠨ︾ ᠬᠡᠭᠦ ᠢᠷᠠᠭᠤ ᠰᠠᠶᠢᠬᠠᠨ ᠬᠦᠭ ᠠᠶᠠᠰ ᠤᠨ ᠲᠤᠮᠳᠠ ᠬᠦᠰᠢᠭᠡ ᠪᠠᠨ ᠰᠡᠬᠦᠵᠦ᠂ ︽ᠨᠤᠳᠤᠭ ᠤᠨ ᠲᠠᠭᠤᠤ ᠪᠠᠨ ᠨᠠᠮ ᠳᠠᠭᠠᠨ ᠡᠷᠭᠦᠶ᠎ᠡ︾᠂ ︽ᠦᠵᠡᠰᠭᠦᠯᠡᠩᠳᠦ ᠰᠠᠶᠢᠬᠠᠨ ᠲᠠᠯ᠎ᠠ ᠨᠤᠳᠤᠭ ᠮᠢᠨᠤ ᠭᠡᠷ︾᠂ ︽ᠤᠯᠠᠭᠠᠨ ᠤᠳᠤ ᠬᠢᠯᠠᠯᠵᠠᠭᠰᠠᠨ ᠨᠢ︾ ᠵᠡᠷᠭᠡ ᠤᠯᠠᠨ ᠰᠠᠶᠢᠬᠠᠨ ᠲᠤᠭᠯᠠᠯᠳᠠ ᠤ ᠭᠤᠤᠯ ᠬᠦᠭ ᠠᠶᠠᠰ ᠢ ᠴᠤᠤᠷᠢᠶᠠᠳᠤᠭᠤᠯᠬᠤ ᠢᠳᠡᠪᠬᠢ ᠬᠦᠴᠦᠨ ᠢ ᠲᠠᠮᠵᠢᠭᠤᠯᠤᠨ᠂ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠵᠦ ᠪᠠᠭ᠋ᠠᠷᠤᠯ ᠢ ᠨᠢ ᠲᠠᠳᠠᠭᠰᠠᠨ ᠪᠠᠶᠢᠨ᠎ᠠ᠃ ᠲᠤᠭᠯᠠᠯᠳᠠ ᠨᠢ ︽ᠡᠪ ᠬᠠᠮᠳᠦ ᠨᠠᠮ ᠪᠠᠶᠢᠬᠤ ᠦᠭᠡᠢ ᠪᠤᠯ ᠰᠢᠨ᠎ᠡ ᠲᠤᠮᠳᠠᠳᠦ ᠤᠯᠤᠰ ᠪᠠᠶᠢᠬᠤ ᠦᠬᠡᠢ︾ ᠬᠡᠭᠦ ᠲᠠᠭᠤᠤ ᠶᠢᠨ ᠲᠤᠮᠳᠠ ᠦᠨᠳᠦᠷᠯᠡᠵᠦ᠂ ᠲᠤᠭᠯᠠᠭᠴᠢᠳ ᠬᠠᠮᠤᠭ ᠤᠨ ᠬᠠᠩᠭᠢᠨᠠᠮ᠎ᠡ ᠲᠠᠭᠤᠤ᠂ ᠢᠷᠠᠭᠤ ᠰᠠᠶᠢᠬᠠᠨ ᠪᠦᠵᠢᠭ ᠢᠶᠠᠷ ᠦᠨᠳᠦᠰᠦᠳᠡᠨ ᠨᠦᠭᠦᠳ ᠤᠨ ᠬᠦᠪᠡᠭᠦᠳ ᠦᠬᠢᠳ ᠤᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠨᠠᠮ ᠤᠨ ᠠᠴᠢ ᠡᠨᠡᠷᠢᠯ ᠳᠤ ᠲᠠᠯᠠᠷᠬᠠᠵᠦ᠂ ᠡᠷᠡᠯᠬᠡᠭᠯᠡᠨ ᠤᠷᠤᠭᠰᠢᠯᠠᠬᠤ ᠲᠡᠮᠡᠴᠡᠯ ᠤᠨ ᠲᠦᠷᠰᠦ ᠪᠠᠶᠢᠳᠠᠯ ᠢᠶᠠᠨ ᠢᠯᠡᠷᠡᠭᠦᠯᠪᠡ᠃
微信图片_20230703154640.jpg
 
 
  
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号