ᠠᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠠᠯᠳᠦ ᠪᠡᠶ᠎ᠡ ᠲᠠᠮᠢᠷ ᠤᠨ ᠴᠤᠭᠯᠠᠭᠠᠨ ᠳᠤ ᠮᠠᠨ ᠤ ᠬᠤᠰᠢᠭᠤᠨ ᠤ ᠲᠠᠮᠢᠷᠴᠢᠳ ᠰᠢᠯᠢᠳᠡᠭ ᠠᠮᠵᠢᠯᠳᠠ ᠡᠭᠦᠳᠦᠭᠰᠡᠨ ᠪᠠᠶᠢᠨ᠎ᠠ
ᠨᠡᠶᠢᠲᠡᠯᠡᠭᠰᠡᠨ ᠴᠠᠭ᠄
2023/7/13
      7 ᠰᠠᠷ᠎ᠠ ᠶᠢᠨ8 ᠤ ᠡᠳᠦᠷ᠂ ᠠᠷᠪᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠦᠬᠡᠨ ᠲᠤᠭᠠᠳᠦ ᠦᠨᠳᠦᠰᠦᠳᠡᠨ ᠤ ᠤᠯᠠᠮᠵᠢᠯᠯᠠᠳᠦ ᠪᠡᠶ᠎ᠡ ᠲᠠᠮᠢᠷ ᠤᠨ ᠴᠤᠭᠯᠠᠭᠠᠨ ᠤᠯᠠᠭᠠᠨᠴᠠᠪ ᠬᠤᠳᠠ  ᠳᠤ ᠡᠬᠢᠯᠡᠵᠦ᠂ ᠪᠦᠬᠡ ᠪᠠᠷᠢᠯᠳᠤᠬᠤ᠂ ᠮᠤᠷᠢ ᠤᠷᠤᠯᠳᠤᠬᠤ᠂ ᠰᠤᠷ ᠬᠠᠷᠪᠤᠭ᠎ᠠ᠂ ᠱᠠᠭ᠎ᠠ ᠲᠤᠭᠯᠠᠬᠤ ᠵᠡᠷᠭᠡ ᠤᠯᠠᠨ ᠲᠦᠷᠦᠯ ᠤᠨ ᠮᠦᠷᠦᠶᠢᠴᠡᠭᠡᠨ ᠳᠤ ᠮᠠᠨ ᠤ ᠬᠤᠰᠢᠭᠤᠨ ᠤ ᠭᠤᠴᠢ ᠭᠠᠷᠤᠢ ᠲᠠᠮᠢᠷᠴᠢᠳ ᠤᠷᠤᠯᠴᠠᠵᠦ᠂12 ᠤ ᠡᠳᠦᠷ ᠪᠤᠯᠳᠠᠯ᠎ᠠ ᠮᠠᠨ ᠤ ᠬᠤᠰᠢᠭᠤᠨ ᠤ ᠲᠠᠮᠢᠷᠴᠢᠳ ᠪᠦᠬᠦ ᠤᠷᠤᠯᠳᠤᠭᠠᠨ ᠢᠶᠠᠨ ᠠᠮᠵᠢᠯᠳᠠ ᠲᠠᠢ ᠲᠤᠭᠤᠰᠬᠠᠭᠰᠠᠨ ᠪᠠᠶᠢᠨ᠎ᠠ       ᠡᠭᠦᠨ ᠳᠤ8000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠮᠢᠩᠭᠠᠨ ᠤ ᠬᠠᠰᠴᠢᠮᠡᠭ ᠤᠨ ᠬᠠᠷ᠎ᠠ ᠮᠤᠷᠢ᠂5000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠬᠠᠰᠪᠠᠭᠠᠳᠤᠷ ᠤᠨ ᠬᠠᠯᠵᠠᠨ ᠬᠡᠬᠡᠷ ᠮᠤᠷᠢ᠂8000 ᠮᠧᠲᠷ ᠪᠠ5000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠠᠳᠢᠶ᠎ᠠ ᠶᠢᠨ ᠬᠠᠯᠵᠠᠨ ᠬᠦᠷᠡᠩ ᠮᠤᠷᠢ ᠪᠠ ᠬᠠᠯᠳᠠᠷ ᠮᠤᠷᠢ᠂1000 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ ᠳᠤ ᠲᠤᠷᠤᠨ᠎ᠠ ᠶᠢᠨ ᠬᠤᠷᠳᠤᠨ ᠬᠦᠯᠦᠭ ᠲᠤᠰ ᠲᠤᠰ ᠠᠶᠢᠷᠠᠭᠳᠠᠵᠦ᠂ ᠬᠦᠷᠡᠯ ᠮᠧᠲᠯ ᠢᠶᠠᠷ ᠱᠠᠩᠨᠠᠭᠤᠯᠤᠭᠰᠠᠨ ᠪᠠᠶᠢᠨ᠎ᠠ᠃
微信图片_20230713144604.jpg
      ᠱᠠᠭ᠎ᠠ ᠶᠢᠨ ᠤᠷᠤᠯᠳᠤᠭᠠᠨ ᠳᠤ ᠪᠤᠭᠤᠳᠦ ᠬᠤᠳᠠ᠂ ᠤᠷᠳᠤᠰ ᠬᠤᠳᠠ᠂ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠳᠠ ᠠᠴᠠ ᠬᠤᠷᠢ ᠭᠠᠷᠤᠢ ᠲᠠᠮᠢᠷᠴᠢᠳ ᠤᠨ ᠲᠤᠭᠤᠶᠢᠯᠠᠩ ᠮᠦᠩᠭᠦᠨ ᠮᠧᠲᠯ ᠭᠠᠷᠳᠠᠵᠦ᠂ ᠤᠯᠠᠮᠵᠢᠯᠠᠯᠳᠦ ᠰᠤᠷ ᠬᠠᠷᠪᠤᠭ᠎ᠠ ᠶᠢᠨ ᠡᠷᠡᠭᠳᠡᠢ ᠶᠢᠨ30 ᠮᠧᠲᠷ ᠤᠨ ᠬᠠᠷᠪᠤᠭ᠎ᠠ ᠳᠤ ᠮᠠᠨ ᠤ ᠬᠤᠰᠢᠭᠤᠨ ᠤ ᠬᠠᠷᠪᠤᠭᠠᠴᠢᠨ ᠪᠤᠯᠤᠳ᠂ ᠪᠤᠳ᠋ ᠲᠤᠰ ᠲᠤᠰ ᠬᠦᠷᠡᠯ ᠮᠧᠲᠯ ᠭᠠᠷᠳᠠᠵᠦ᠂ ᠡᠮᠡᠭᠳᠡᠢ ᠶᠢᠨ ᠰᠤᠷ ᠬᠠᠷᠪᠤᠭ᠎ᠠ ᠳᠤ ᠤᠷᠠᠨᠳᠤᠭᠤᠰ ᠭᠤᠷᠪᠠ ᠶᠢᠨ ᠪᠠᠶᠢᠷᠢ ᠳᠤ ᠲᠤᠳᠤᠷᠠᠵᠦ᠂ ᠡᠷᠡᠭᠳᠡᠢ ᠡᠮᠡᠭᠳᠡᠢ ᠶᠢᠨ ᠰᠤᠷ ᠬᠠᠷᠪᠤᠭ᠎ᠠ ᠶᠢᠨ ᠨᠢᠭᠡᠴᠡ ᠶᠢᠨ ᠮᠦᠷᠦᠶᠢᠴᠡᠭᠡᠨ ᠳᠤ ᠮᠠᠨ ᠤ ᠬᠤᠰᠢᠭᠤᠨ ᠤ ᠬᠢᠨᠢ ᠴᠦᠮ ᠬᠦᠷᠡᠯ ᠮᠧᠲᠯ ᠬᠦᠷᠳᠡᠭᠰᠡᠨ ᠪᠠᠶᠢᠨ᠎ᠠ᠃      10000 ᠮᠧᠲᠷ ᠤᠨ ᠲᠡᠮᠡᠭᠡᠨ ᠤ ᠤᠷᠤᠯᠳᠤᠭᠠᠨ ᠳᠤ ᠤᠳᠬᠠᠨᠰᠡᠩᠭᠡ ᠶᠢᠨ ᠬᠤᠨᠳᠤᠨ ᠠᠳᠠ ᠬᠦᠷᠡᠯ ᠮᠧᠲᠯ ᠬᠦᠷᠳᠡᠵᠦ᠂ ᠰᠢᠳᠠᠷ᠎ᠠ ᠶᠢᠨ ᠤᠷᠤᠯᠳᠤᠭᠠᠨ ᠤ ᠨᠢᠭᠡᠴᠡ ᠶᠢᠨ ᠮᠦᠷᠦᠶᠢᠴᠡᠭᠡᠨ ᠳᠤ ᠮᠠᠨ ᠤ ᠬᠤᠰᠢᠭᠤᠨ ᠤ ᠲᠠᠮᠢᠷᠴᠢᠳ ᠮᠦᠩᠭᠦ ᠭᠤᠷᠪᠠ ᠶᠢᠨ ᠪᠠᠶᠢᠷᠢ ᠳᠤ ᠲᠤᠳᠤᠷᠠᠵᠦ ᠬᠦᠷᠡᠯ ᠮᠧᠲᠯ ᠭᠠᠷᠳᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号