ᠳᠠᠷᠬᠠᠨ ᠮᠤᠤᠮᠢᠩᠭᠠᠨ ᠤ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ ᠪᠠᠯᠭᠠᠰᠤᠨ ᠤ ᠦᠨᠳᠦᠰᠦᠨ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠭᠰᠡᠨ ᠦᠷ᠎ᠡ ᠪᠦᠲᠦᠭᠡᠯ ᠤᠨ ᠭᠡᠷᠡᠴᠢᠯᠡᠭᠡ ᠰᠣᠨᠣᠰᠬᠤ ᠬᠤᠷᠠᠯ ᠢ ᠥᠷᠨᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/7/14
      ᠪᠥᠬᠦ ᠤᠯᠤᠰ ᠤᠨ ᠵᠠᠰᠠᠭ ᠤᠨ ᠣᠷᠳᠣᠨ ᠤ ᠢᠯᠡ ᠨᠡᠶᠢᠲᠡᠯᠡᠭᠰᠡᠨ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠲᠠᠰ ᠬᠤᠪᠢᠶᠠᠨ ᠦᠨ᠎ᠡ ᠬᠠᠩᠰᠢ ᠶᠢ ᠦᠨᠡᠯᠡᠨ ᠵᠢᠱᠢᠬᠦ ᠪᠠ ᠬᠢᠨᠠᠨ ᠬᠡᠮᠵᠢᠬᠦ ᠶᠢ ᠲᠡᠭᠦᠯᠳᠡᠷᠵᠢᠭᠦᠯᠦᠨ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠶ ᠵᠣᠬᠢᠰᠲᠠᠶ ᠨᠡᠭᠡᠭᠡᠨ ᠠᠰᠢᠭᠯᠠᠬᠤ ᠶᠢ ᠠᠬᠢᠭᠤᠯᠬᠤ ᠶᠢᠨ ᠲᠤᠰᠠᠳᠠ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ︽2019 ᠣᠨ ᠤ ᠪᠠᠶᠢᠭᠠᠯᠢ ᠶᠢᠨ ᠡᠬᠢ ᠪᠠᠶᠠᠯᠢᠭ ᠢ ᠦᠨᠡᠯᠡᠵᠦ ᠦᠨᠡᠯᠡᠨ ᠵᠢᠱᠢᠬᠦ ᠠᠵᠢᠯ ᠢ ᠪᠠᠶᠢᠷᠢᠯᠠᠭᠤᠯᠤᠨ ᠥᠷᠨᠢᠭᠦᠯᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠢ ᠠᠯᠪᠠᠨ ᠲᠠᠷᠬᠠᠭᠠᠭᠰᠠᠨ ﹇2019﹈ 36 ᠳ᠋ᠤᠭᠠᠷ ᠲᠣᠭᠠᠲᠤ︶ ᠪᠠ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ︽2023 ᠣᠨ ᠤ ᠪᠤᠭᠤᠲᠤ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠲᠣᠭᠲᠠᠭᠠᠯ ᠶᠣᠰᠣᠭᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ ᠪᠠᠯᠭᠠᠰᠤᠨ ᠤ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠳᠬᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ︽ᠪᠠᠶᠢᠭᠠᠯᠢ ᠶᠢᠨ ᠡᠬᠢ ᠪᠠᠶᠠᠯᠢᠭ ᠤᠨ ᠲᠤᠬᠠᠶ ᠭᠡᠷᠡᠴᠢᠯᠡᠭᠡ ᠰᠣᠨᠣᠰᠬᠤ ᠲᠣᠭᠲᠠᠭᠠᠯ︾ ᠤᠨ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠮᠠᠨ ᠤ ᠲᠣᠪᠴᠢᠶ᠎ᠠ 2023 ᠣᠨ ᠤ 8 ᠰᠠᠷ᠎ᠠ ᠶᠢᠨ 14 ᠤ ᠡᠳᠦᠷ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠠᠨᠳᠤᠯ᠎ᠠ ᠪᠠᠯᠭᠠᠰᠤᠨ ᠤ ᠦᠨᠳᠦᠰᠦᠨ ᠪᠠᠷᠢᠮᠵᠢᠶᠠᠲᠤ ᠭᠠᠵᠠᠷ ᠤᠨ ᠦᠨ᠎ᠡ ᠶᠢ ᠰᠢᠨᠡᠴᠢᠯᠡᠭᠰᠡᠨ ᠦᠷ᠎ᠡ ᠪᠦᠲᠦᠭᠡᠯ ᠤᠨ ᠲᠤᠬᠠᠶ ᠭᠡᠷᠡᠴᠢᠯᠡᠭᠡ ᠰᠣᠨᠣᠰᠬᠤ ᠬᠤᠷᠠᠯ︾ ᠬᠢᠬᠦ ᠪᠠᠷ ᠲᠣᠭᠲᠠᠪᠠ᠃ ᠡᠳᠦᠭᠡ ᠳᠣᠤᠷᠠᠬᠢ ᠮᠡᠲᠦ ᠵᠠᠷᠯᠠᠶ᠎ᠠ᠄      ᠨᠢᠭᠡ᠂ ᠭᠡᠷᠡᠴᠢᠯᠡᠭᠡ ᠰᠣᠨᠣᠰᠬᠤ ᠬᠤᠷᠠᠯ ᠤᠨ ᠴᠠᠭ᠄ 2023 ᠣᠨ ᠤ 8 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨᠠᠬᠢ 3᠄ 00 ᠴᠠᠭ      ᠬᠤᠶᠠᠷ᠂ ᠭᠡᠷᠡᠴᠢᠯᠡᠭᠡ ᠰᠣᠨᠣᠰᠬᠤ ᠬᠤᠷᠠᠯ ᠤᠨ ᠭᠠᠵᠠᠷ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠠᠮ ᠤᠨ ᠪᠠᠶᠢᠭᠤᠯᠤᠯᠲᠠ ᠶᠢᠨ ᠬᠤᠷᠠᠯ ᠤᠨ ᠬᠡᠷ      ᠭᠤᠷᠪᠠ᠂ ᠨᠡᠷ᠎ᠡ ᠮᠡᠳᠡᠭᠦᠯᠬᠦ ᠴᠠᠭ᠄ 2023 ᠣᠨ ᠤ 7 ᠰᠠᠷ᠎ᠠ ᠶᠢᠨ 14 ᠤ ᠡᠳᠦᠷ ᠠᠴᠠ 8 ᠰᠠᠷ᠎ᠠ ᠶᠢᠨ 13 ᠤ ᠡᠳᠦᠷ ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ ᠦᠳᠡ ᠶᠢᠨ ᠡᠮᠦᠨᠡᠬᠢ 8᠄ 30 - 11᠄ 30 ᠦᠳᠡ ᠶᠢᠨ ᠬᠤᠶᠢᠨᠠᠬᠢ 2᠄ 30 - 5᠄ 00      ᠳᠥᠷᠪᠡ᠂ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠬᠡᠪᠴᠢᠶ᠎ᠡ᠄ ᠭᠡᠷᠡᠴᠢᠯᠡᠭᠡ ᠰᠣᠨᠣᠰᠬᠤ ᠵᠦᠢᠯᠡᠰ ᠯᠦᠭᠡ ᠬᠤᠯᠪᠣᠭᠳᠠᠬᠤ ᠠᠷᠠᠳ ᠢᠷᠭᠡᠨ ︵ᠪᠦᠬᠦᠯᠢ 18 ᠨᠠᠰᠤ ᠬᠦᠷᠦᠭᠰᠡᠨ︶᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠨᠢᠭᠡᠴᠡ ᠲᠠᠢ ᠲᠠᠨᠢᠯᠴᠠᠭᠤᠯᠭ᠎ᠠ ᠶᠢᠨ ᠪᠢᠴᠢᠭ ᠢᠶᠠᠨ ᠠᠪᠴᠤ ᠴᠥᠮ ᠭᠡᠷᠡᠴᠢᠯᠡᠭᠡ ᠰᠣᠨᠣᠰᠬᠤ ᠳᠤ ᠣᠷᠣᠯᠴᠠᠭᠤᠯᠬᠤ ᠪᠠᠷ ᠭᠤᠶᠤᠴᠢᠯᠠᠵᠤ ᠪᠣᠯᠤᠨ᠎ᠠ᠃      ᠲᠠᠪᠤ᠂ ᠨᠡᠷ᠎ᠡ ᠮᠡᠳᠡᠭᠦᠯᠬᠦ ᠭᠠᠵᠠᠷ᠄ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠮᠴᠢᠯᠡᠭᠴᠢ ᠶᠢᠨ ᠡᠷᠬᠡ ᠠᠰᠢᠭ ᠢ ᠨᠡᠭᠡᠭᠡᠨ ᠠᠰᠢᠭᠯᠠᠬᠤ ᠲᠠᠰᠤᠭ᠃      ᠵᠢᠷᠭᠤᠭ᠎ᠠ᠂ ᠭᠡᠷᠡᠴᠢᠯᠡᠭᠡ ᠰᠣᠨᠣᠰᠬᠤ ᠬᠤᠷᠠᠯ ᠡᠷᠭᠢᠯᠡᠬᠦ ᠪᠠᠶᠢᠭᠤᠯᠤᠮᠵᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠃      ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ      ᠬᠠᠷᠢᠯᠴᠠᠬᠤ ᠬᠥᠮᠦᠨ᠄ ᠯᠢᠦᠶ ᠸᠧᠨ ᠴᠢᠩ      ᠬᠠᠷᠢᠯᠴᠠᠬᠤ ᠤᠲᠠᠰᠤ᠄ 15247220355      ᠨᠠᠢᠮᠠ᠂ ︽ᠭᠡᠷᠡᠴᠢᠯᠡᠭᠡ ᠰᠣᠨᠣᠰᠬᠤ ᠬᠤᠷᠠᠯ ᠤᠨ ᠡᠷᠬᠡᠪᠰᠢ ᠮᠡᠳᠡᠬᠦ ᠬᠡᠷᠡᠭᠲᠡᠢ︾      1᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠡᠷ᠎ᠡ ᠮᠡᠳᠡᠭᠦᠯᠦᠭᠰᠡᠨ ᠪᠠᠶᠢᠳᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢ ᠲᠣᠭᠲᠠᠭᠠᠬᠤ ᠶᠢᠨ ᠬᠠᠮᠲᠤ ︽ᠭᠡᠷᠡᠴᠢᠯᠡᠭᠡ ᠰᠣᠨᠣᠰᠬᠤ ᠮᠡᠳᠡᠭᠳᠡᠯ ᠤᠨ ᠪᠢᠴᠢᠭ︾ ᠵᠢᠴᠢ ᠬᠠᠮᠢᠶ᠎ᠠ ᠪᠥᠬᠦᠶ ᠮᠠᠲ᠋ᠧᠷᠢᠶᠠᠯ ᠢ ᠲᠠᠷᠬᠠᠭᠠᠪᠠ᠃      2. ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠲᠥᠯᠥᠭᠡᠯᠡᠭᠴᠢ ᠦᠨᠡᠨ ᠠᠴᠠ ᠵᠥᠪ ᠢ ᠡᠷᠢᠬᠦ ᠵᠠᠷᠴᠢᠮ ᠶᠣᠰᠣᠭᠠᠷ᠂ ᠲᠣᠰ ᠤᠳᠠᠭᠠᠨ ᠤ ᠪᠠᠷᠢᠮᠵᠢᠶᠠᠲᠤ ᠭᠠᠵᠠᠷ ᠤᠨ ᠦᠨ᠎ᠡ ᠶᠢ ᠢᠯᠡ ᠨᠡᠶᠢᠲᠡᠯᠡᠬᠦ ᠪᠠ ᠲᠠᠷᠢᠶᠠᠯᠠᠩ ᠳᠤ ᠬᠡᠷᠡᠭᠯᠡᠬᠦ ᠭᠠᠵᠠᠷ ᠤᠨ ᠰᠠᠭᠤᠷᠢ ᠪᠠᠷᠢᠮᠵᠢᠶᠠᠲᠤ ᠭᠠᠵᠠᠷ ᠤᠨ ᠦᠨ᠎ᠡ ᠶᠢᠨ ᠴᠢᠬᠤᠯᠠ ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭᠯᠡᠭᠡᠨ ᠤ ᠴᠢᠨᠠᠷ ᠵᠡᠷᠭᠡ ᠠᠭᠤᠯᠭ᠎ᠠ ᠳᠤ ᠰᠠᠨᠠᠯ ᠪᠠ ᠰᠠᠨᠠᠭᠤᠯᠭ᠎ᠠ ᠳᠤᠷᠠᠳᠬᠤ ᠬᠡᠷᠡᠭᠲᠡᠶ᠃      3. ᠭᠡᠷᠡᠴᠢᠯᠡᠯᠲᠡ ᠰᠣᠨᠣᠰᠬᠤ ᠳᠤ ᠣᠷᠣᠯᠴᠠᠬᠤ ᠬᠥᠮᠦᠰ ᠭᠡᠷᠡᠴᠢᠯᠡᠭᠡ ᠰᠣᠨᠣᠰᠬᠤ ᠬᠤᠷᠠᠯ ᠤᠨ ᠲᠠᠯᠠᠪᠠᠶ ᠶᠢᠨ ᠡᠮᠬᠢ ᠵᠢᠷᠤᠮ ᠢ ᠵᠢᠷᠤᠮᠯᠠᠬᠤ ᠬᠡᠷᠡᠭᠲᠡᠶ᠂ ᠠᠯᠠᠭ᠎ᠠ ᠲᠠᠰᠢᠬᠤ᠂ ᠱᠤᠤᠭᠢᠯᠳᠤᠬᠤ᠂ ᠦᠢᠮᠡᠭᠦᠯᠬᠦ ᠪᠠ ᠭᠡᠷᠡᠴᠢᠯᠡᠯᠲᠡ ᠰᠣᠨᠣᠰᠬᠤ ᠠᠵᠢᠯᠯᠠᠭ᠎ᠠ ᠶᠢ ᠬᠠᠷᠰᠢᠯᠠᠬᠤ ᠪᠤᠰᠤᠳ ᠦᠢᠯᠡ ᠠᠵᠢᠯᠯᠠᠭ᠎ᠠ ᠬᠢᠵᠦ ᠪᠣᠯᠬᠤ ᠦᠭᠡᠶ᠃      4. ᠭᠡᠷᠡᠴᠢᠯᠡᠭᠡ ᠰᠣᠨᠣᠰᠬᠤ ᠳᠤ ᠣᠷᠣᠯᠴᠠᠭᠰᠠᠳ ᠶᠠᠷᠢᠶ᠎ᠠ ᠲᠠᠯᠪᠢᠬᠤ᠂ ᠲᠣᠭᠠᠴᠢᠬᠤ᠂ ᠭᠡᠷᠡᠴᠢ ᠲᠤᠯᠭᠠᠬᠤ ᠪᠠ ᠮᠠᠷᠭᠤᠯᠳᠤᠬᠤ ᠳᠤ ᠡᠷᠬᠡᠪᠰᠢ ᠭᠡᠷᠡᠴᠢᠯᠡᠭᠡ ᠰᠣᠨᠣᠰᠬᠤ ᠡᠷᠬᠢᠯᠡᠭᠴᠢ ᠪᠠᠷ ᠵᠥᠪᠰᠢᠶᠡᠷᠡᠭᠦᠯᠬᠦ ᠬᠡᠷᠡᠭᠲᠡᠶ᠃      5. ᠵᠥᠪᠰᠢᠶᠡᠷᠡᠭᠦᠯᠦᠭᠰᠡᠨ ᠤ ᠳᠠᠷᠠᠭ᠎ᠠ ᠲᠥᠯᠥᠭᠡᠯᠡᠭᠴᠢ ᠪᠡᠶ᠎ᠡ ᠪᠠᠷ ᠢᠶᠠᠨ ᠭᠡᠷᠡᠴᠢᠯᠡᠭᠡ ᠰᠣᠨᠣᠰᠬᠤ ᠳᠤ ᠣᠷᠣᠯᠴᠠᠵᠤ᠂ ᠣᠯᠠᠨ ᠲᠦᠮᠡᠨ ᠪᠣᠯᠤᠨ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠭᠡᠷᠡᠴᠢᠯᠡᠭᠡ ᠰᠣᠨᠣᠰᠬᠤ ᠠᠭᠤᠯᠭ᠎ᠠ ᠶᠢᠨ ᠲᠤᠬᠠᠶ ᠰᠠᠨᠠᠯ ᠪᠣᠯᠤᠨ ᠰᠠᠨᠠᠭᠤᠯᠭ᠎ᠠ ᠶᠢ ᠦᠨᠡᠨ ᠪᠣᠳᠠᠲᠠᠶ ᠪᠠᠷ ᠲᠤᠰᠬᠠᠬᠤ ᠬᠡᠷᠡᠭᠲᠡᠶ᠃      6᠂ ᠭᠡᠷᠡᠴᠢᠯᠡᠯᠲᠡ ᠶᠢᠨ ᠬᠤᠷᠠᠯ ᠳᠡᠭᠡᠷ᠎ᠡ ᠬᠠᠩᠭᠠᠭᠰᠠᠨ ᠮᠠᠲ᠋ᠧᠷᠢᠶᠠᠯ ᠨᠢ ᠵᠥᠪᠬᠡᠨ ᠭᠡᠷᠡᠴᠢᠯᠡᠭᠡ ᠰᠣᠨᠣᠰᠬᠤ ᠲᠥᠯᠥᠭᠡᠯᠡᠭᠴᠢ ᠶᠢᠨ ᠰᠠᠨᠠᠯ ᠢᠶᠠᠨ ᠳᠤᠷᠠᠳᠬᠤ ᠳᠤ ᠯᠠᠪᠯᠠᠯᠲᠠ ᠪᠣᠯᠭᠠᠵᠤ᠂ ᠬᠤᠷᠠᠯ ᠤᠨ ᠳᠠᠷᠠᠭ᠎ᠠ ᠬᠤᠷᠢᠶᠠᠨ ᠠᠪᠤᠨ᠎ᠠ ᠣᠨᠴᠠᠭᠠᠶᠢᠯᠠᠨ ᠵᠠᠷᠯᠠᠨ ᠨᠡᠶᠢᠲᠡᠯᠡᠪᠡ᠃                ᠳᠠᠷᠬᠠᠨ  ᠮᠤᠤᠮᠢᠩᠭᠠᠨ ᠬᠤᠯᠪᠣᠭᠠᠲᠤ  ᠬᠤᠰᠢᠭᠤᠨ ᠤ                ᠪᠠᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ                       2023 ᠣᠨ ᠤ 7 ᠰᠠᠷ᠎ᠠ ᠶᠢᠨ 14 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号