ᠦᠰᠦᠭ ᠪᠢᠴᠢᠭ ᠢᠶᠠᠷ ᠥᠭᠦᠯᠡᠬᠦᠢ᠄ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠰᠦᠯᠵᠢᠶᠡᠨ ᠠᠴᠠ ᠭᠠᠳᠠᠭᠤᠷ ︿ᠪᠥᠬᠦ ᠣᠷᠣᠨ ᠳᠤ ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ  ᠬᠠᠭᠤᠳᠠᠰᠤ ︵156 ᠵᠦᠢᠯ︶﹀ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/7/14
      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ  ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠠᠴᠠ ᠭᠠᠳᠠᠭᠤᠷ ︿ᠪᠥᠬᠦ  ᠣᠷᠣᠨ ᠳᠤ ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ ᠬᠠᠭᠤᠳᠠᠰᠤ ︵156 ᠵᠦᠢᠯ︶︾ ︵ᠥᠪᠥᠷ ᠵᠠᠰᠠᠭ  ᠠᠯᠪᠠᠨ ᠲᠠᠷᠬᠠᠭᠠᠭᠰᠠᠨ ︹2023︺ 39 ᠳ᠋ᠦ᠋ᠭᠡᠷ ᠲᠣᠭᠠᠲᠤ᠂ ᠳᠣᠷᠣᠭᠰᠢ ︽ᠨᠡᠶᠢᠳᠡᠮ ᠭᠦᠢᠴᠡᠳᠬᠡᠬᠦ ᠨᠠᠷᠢᠨ  ᠬᠠᠭᠤᠳᠠᠰᠤ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ ︽ᠨᠡᠶᠢᠳᠡᠮ  ᠭᠦᠢᠴᠡᠳᠬᠡᠬᠦ ᠨᠠᠷᠢᠨ ᠬᠠᠭᠤᠳᠠᠰᠤ︾ ᠶᠢᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠮᠡᠳᠡᠬᠦ ᠪᠠ ᠵᠥᠪ  ᠣᠨᠣᠪᠴᠢᠲᠠᠶ ᠣᠶᠢᠯᠠᠭᠠᠬᠤ ᠳᠤ ᠲᠥᠬᠦᠮ ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ  ᠰᠠᠶᠢᠲᠤᠷ ᠠᠳᠬᠤᠬᠤ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃            ᠨᠢᠭᠡ᠂ ᠨᠡᠶᠢᠲᠡᠯᠡᠭᠰᠡᠨ ᠠᠬᠤᠢ ᠪᠠᠶᠢᠳᠠᠯ            ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ  ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠬᠤ ᠶᠢᠨ ᠲᠤᠰᠠᠳᠠ᠂ 2023  ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠱᠠᠭᠠᠷᠳᠠᠯᠭ᠎ᠠ ᠶᠢ  ᠦᠨᠳᠦᠰᠦᠯᠡᠵᠦ᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠠᠵᠢᠯ ᠲᠠᠢ ᠤᠶᠠᠯᠳᠤᠭᠤᠯᠤᠨ᠂ ᠲᠦᠷ ᠴᠠᠭ ᠤᠨ  ᠪᠡᠶ᠎ᠡ ᠶᠢᠨ ᠦᠨᠡᠮᠯᠡᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠣᠷᠣᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠥᠩᠭᠦ ᠵᠡᠷᠭᠡ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ  ᠵᠦᠢᠯᠡᠰ ᠤᠨ ᠲᠣᠭᠤᠷᠢᠨ ᠳᠤ᠂ ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠶᠢ ᠲᠣᠭᠲᠠᠭᠠᠵᠤ᠂ ᠠᠷᠠᠳ  ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠵᠢᠯ ᠶᠠᠪᠤᠳᠠᠯ ᠭᠦᠢᠴᠡᠳᠬᠡᠬᠦ  ᠬᠠᠷᠢᠶ᠎ᠠ ᠭᠠᠵᠠᠷ ᠤᠨ ᠬᠢᠵᠠᠭᠠᠷᠯᠠᠯ ᠢ ᠡᠪᠳᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠴᠢᠨᠠᠷ ᠰᠠᠶᠢᠲᠠᠢ᠂  ᠥᠨᠳᠥᠷ ᠦᠷ᠎ᠡ ᠪᠦᠲᠦᠮᠵᠢᠲᠡᠶ᠂ ᠳᠥᠭᠦᠮ ᠳᠥᠲᠡ ᠢᠯᠭᠠᠭ᠎ᠠ ᠵᠥᠷᠢᠶ᠎ᠡ ᠦᠭᠡᠢ ︽ᠪᠥᠬᠦ ᠣᠷᠣᠨ ᠳᠤ ᠨᠡᠶᠢᠳᠡᠮ  ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠠᠩᠭᠠᠨ᠎ᠠ᠃            ᠬᠤᠶᠠᠷ᠂ ᠭᠤᠣᠯ ᠠᠭᠤᠯᠭ᠎ᠠ            ︵ᠨᠢᠭᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ  ᠲᠥᠷᠥᠯ ᠬᠤᠪᠢᠶᠠᠨ ᠬᠡᠷᠡᠭᠵᠢᠭᠦᠯᠬᠦ ᠶᠢ ᠠᠬᠢᠭᠤᠯᠤᠨ᠎ᠠ᠃ ᠡᠷᠦᠬᠡ ᠠᠮᠠ ᠶᠢᠨ ᠬᠠᠷᠢᠶᠠᠯᠠᠯ ᠤᠨ ᠭᠡᠷᠡᠴᠢ ᠭᠠᠷᠭᠠᠬᠤ᠂  ᠡᠷᠦᠬᠡ ᠠᠮᠠ ᠰᠢᠯᠵᠢᠭᠦᠯᠬᠦ᠂ ᠲᠦᠷ ᠴᠠᠭ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠵᠡᠷᠭᠡ ᠳᠤ ᠬᠤᠯᠪᠣᠭᠳᠠᠭᠰᠠᠨ 24  ᠵᠦᠢᠯ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ  ᠨᠡᠶᠢᠳᠡᠮ ᠭᠦᠢᠴᠡᠳᠬᠡᠬᠦ︾ ᠵᠦᠢᠯᠡᠰ ᠢ ᠨᠠᠭᠦᠯᠭᠡᠵᠦ ᠣᠷᠣᠭᠤᠯᠬᠤ ᠭᠠᠵᠠᠷ ᠤᠨ ᠲᠣᠮᠢᠯᠠᠭᠰᠠᠨ ᠰᠠᠯᠪᠤᠷᠢ ᠳᠤ  ᠭᠦᠢᠴᠡᠳᠬᠡᠨ᠎ᠡ᠃ ᠪᠤᠰᠤᠳ 132 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠣᠶᠢᠷ᠎ᠠ  ᠬᠠᠪᠢ ᠳᠤ ᠪᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︽ᠪᠥᠬᠦ ᠣᠷᠣᠨ ᠳᠤ ᠨᠡᠶᠢᠳᠡᠮ  ᠭᠦᠢᠴᠡᠳᠬᠡᠬᠦ︾ ᠴᠣᠩᠬᠤᠪᠴᠢ ᠶᠢ ᠰᠣᠩᠭᠤᠨ ᠭᠦᠢᠴᠡᠳᠬᠡᠵᠦ ᠪᠣᠯᠣᠨ᠎ᠠ᠃            ︵ᠬᠤᠶᠠᠷ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾  ᠴᠣᠩᠬᠤᠪᠴᠢ ᠶᠢᠨ ᠲᠤᠯᠭᠠᠭᠤᠷᠢᠯᠠᠯ ᠶᠢ ᠴᠢᠩᠭᠠᠳᠬᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ  ᠶᠠᠪᠤᠳᠠᠯ ᠤᠨ ᠦᠢᠯᠡᠴᠢᠯᠡᠭᠡᠨ ᠤ ᠲᠥᠪ ᠠᠴᠠ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ  ᠲᠤᠰᠬᠠᠢ ᠴᠣᠩᠬᠤᠪᠴᠢ ᠲᠣᠬᠢᠷᠠᠭᠤᠯᠵᠤ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠢᠳᠠᠮᠵᠢ ᠶᠢᠨ  ᠬᠡᠰᠡᠭ ᠢᠶᠠᠷ ᠳᠠᠮᠵᠢᠭᠤᠯᠤᠨ᠂ ᠮᠠᠲ᠋ᠧᠷᠢᠶᠠᠯ ᠢ ᠣᠨᠳᠣᠣ ᠭᠠᠵᠠᠷ ᠲᠤ ᠣᠷᠣᠯᠠᠨ ᠬᠤᠷᠢᠶᠠᠵᠤ᠂ ᠰᠦᠯᠵᠢᠶᠡᠨ ᠳᠡᠭᠡᠷ᠎ᠡ  ᠬᠠᠨᠳᠤᠯᠭ᠎ᠠ ᠲᠠᠢ ᠪᠠᠷ ᠰᠢᠯᠵᠢᠭᠦᠯᠬᠦ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠬᠡᠷᠡᠭᠵᠢᠭᠦᠯᠦᠨ᠎ᠡ᠃            ︵ᠭᠤᠷᠪᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠢ  ᠵᠣᠯᠭᠠᠭᠤᠯᠬᠤ ᠶᠢ ᠲᠦᠷᠭᠡᠳᠬᠡᠨ᠎ᠡ᠃ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾  ᠵᠦᠢᠯᠡᠰ ᠤᠨ ᠨᠡᠷᠡᠶᠢᠳᠦᠯ᠂ ᠭᠠᠷᠴᠠᠭ ᠳ᠋ᠤᠭᠠᠷᠯᠠᠯ᠂ ᠭᠤᠶᠤᠴᠢᠯᠠᠬᠤ ᠮᠠᠲ᠋ᠧᠷᠢᠶᠠᠯ᠂ ᠭᠦᠢᠴᠡᠳᠬᠡᠬᠦ ᠴᠠᠭ ᠤᠨ ᠬᠢᠵᠠᠭᠠᠷ  ᠵᠡᠷᠭᠡ ᠮᠡᠳᠡᠭᠡ ᠵᠠᠩᠭᠢ ᠶᠢᠨ ᠡᠯᠧᠮᠧᠨ᠋ᠲ ᠢ ᠨᠠᠶᠢᠷᠠᠭᠤᠯᠤᠨ ᠵᠣᠬᠢᠶᠠᠬᠤ ᠪᠠ ᠰᠢᠨᠡᠳᠬᠡᠬᠦ ᠠᠵᠢᠯ ᠢ ᠨᠢᠭᠡᠳᠦᠯᠲᠡᠢ  ᠲᠥᠯᠥᠪᠯᠡᠨ ᠰᠠᠶᠢᠲᠤᠷ ᠬᠢᠵᠦ᠂ ᠲᠤᠬᠠᠶᠢᠯᠠᠭᠰᠠᠨ ᠠᠵᠢᠯ ᠤᠨ ᠪᠥᠬᠦ ᠴᠤᠪᠤᠷᠠᠯ ᠤᠨ ︽ᠵᠥᠷᠢᠶ᠎ᠡ ᠦᠭᠡᠢ︾  ᠭᠦᠢᠴᠡᠳᠬᠡᠬᠦ ᠶᠢ ᠪᠠᠷᠢᠮᠵᠢᠶᠠᠵᠢᠭᠤᠯᠬᠤ ᠶᠢ ᠪᠡᠶᠡᠯᠡᠭᠦᠯᠦᠨ᠎ᠡ᠃               ︵ᠳᠥᠷᠪᠡ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠰᠢᠯᠵᠢᠭᠦᠯᠦᠨ  ᠭᠦᠢᠴᠡᠳᠬᠡᠬᠦ ᠴᠠᠭ ᠤᠨ ᠬᠢᠵᠠᠭᠠᠷ ᠢ ᠴᠢᠩᠳᠠᠯᠠᠨ᠎ᠠ᠃ ᠭᠥᠯᠢᠶᠡᠨ ᠠᠪᠬᠤ ᠭᠠᠵᠠᠷ᠂ ᠭᠦᠢᠴᠡᠳᠬᠡᠬᠦ ᠭᠠᠵᠠᠷ ᠤᠨ ︽  ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠴᠣᠩᠬᠤᠪᠴᠢ ᠨᠢ ᠲᠣᠰ ᠲᠣᠰ 1 ᠠᠵᠢᠯᠯᠠᠬᠤ ᠡᠳᠦᠷ ᠤᠨ ᠳᠣᠲᠣᠷ᠎ᠠ  ᠭᠥᠯᠢᠶᠡᠨ ᠠᠪᠬᠤ ᠶᠢᠨ ᠬᠠᠮᠲᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠰᠢᠯᠵᠢᠭᠦᠯᠦᠨ ᠭᠦᠢᠴᠡᠳᠬᠡᠯᠭᠡᠵᠦ᠂  ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠴᠠᠭ ᠲᠤᠬᠠᠢ ᠳᠤ ᠨᠢ ᠭᠦᠢᠴᠡᠳᠬᠡᠵᠦ ᠳᠠᠭᠤᠰᠬᠠᠬᠤ ᠶᠢᠨ ᠬᠠᠮᠲᠤ 1  ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃ ᠴᠠᠭᠠᠰᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠬᠤ  ᠴᠢᠬᠤᠯᠠ ᠲᠠᠢ ᠶᠢ ᠨᠢ 2 ᠠᠵᠢᠯᠯᠠᠬᠤ ᠡᠳᠦᠷ ᠤᠨ ᠳᠣᠲᠣᠷ᠎ᠠ ᠢᠯᠡᠭᠡᠨ᠎ᠡ᠃            ︵ᠲᠠᠪᠤ︶ ᠰᠠᠯᠠᠭ᠎ᠠ ᠮᠥᠴᠢᠷ ᠤᠳ ᠤᠨ ᠬᠤᠭᠤᠷᠣᠨᠳᠣᠬᠢ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ  ᠪᠠᠶᠢᠭᠤᠯᠤᠨ ᠪᠦᠷᠢᠨᠰᠢᠭᠦᠯᠦᠨ᠎ᠡ᠃ ᠨᠡᠶᠢᠳᠡᠮ ᠭᠦᠢᠴᠡᠳᠬᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠭᠠᠵᠠᠷ ᠤᠨ  ᠰᠠᠯᠠᠭ᠎ᠠ ᠮᠥᠴᠢᠷ ᠪᠠ ᠣᠨᠳᠣᠣ ᠭᠠᠵᠠᠷ ᠤᠨ ᠰᠠᠯᠠᠭ᠎ᠠ ᠮᠥᠴᠢᠷ ᠢ ᠨᠡᠪᠲᠡᠷᠡᠯᠴᠡᠭᠦᠯᠦᠨ ᠵᠣᠯᠭᠠᠭᠤᠯᠬᠤ ᠶᠢ ᠴᠢᠩᠭᠠᠳᠬᠠᠨ  ᠂ ᠨᠢᠭᠲᠠ ᠮᠥᠷᠲᠡᠭᠡᠨ ᠣᠨᠣᠴᠠᠲᠠᠢ ᠪᠠᠷ ᠵᠣᠯᠭᠠᠭᠤᠯᠬᠤ ᠶᠢ ᠪᠡᠶᠡᠯᠡᠭᠦᠯᠵᠦ᠂ ᠬᠡᠷᠡᠭ ᠶᠠᠪᠤᠳᠠᠯ ᠭᠦᠢᠴᠡᠳᠬᠡᠬᠦ  ᠴᠤᠪᠤᠷᠠᠯ ᠤᠨ ᠪᠢᠲᠡᠭᠦᠦ ᠴᠠᠭᠠᠷᠢᠭ ᠢ ᠪᠣᠶ ᠪᠣᠯᠭᠠᠨ᠎ᠠ᠃            ︵ᠵᠢᠷᠭᠤᠭ᠎ᠠ︶ ᠰᠦᠯᠵᠢᠶᠡᠨ ᠠᠴᠠ ᠭᠠᠳᠠᠭᠤᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠶᠢᠨ  ᠰᠢᠯᠭᠠᠨ ᠬᠢᠨᠠᠵᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠰᠦᠯᠵᠢᠶᠡᠨ ᠠᠴᠠ ᠭᠠᠳᠠᠭᠤᠷ ︽ᠪᠥᠬᠦ  ᠣᠷᠣᠨ ᠳᠤ ᠨᠡᠶᠢᠳᠡᠮ ᠭᠦᠢᠴᠡᠳᠬᠡᠬᠦ︾ ᠶᠢ ᠬᠠᠷᠠᠯᠲᠠᠲᠤ ᠰᠢᠯᠭᠠᠨ ᠬᠢᠨᠠᠯᠲᠠ ᠪᠠ ᠲᠤᠰᠬᠠᠢ ᠰᠢᠮᠳᠠᠭᠤᠯᠤᠨ  ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽  ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠥᠬᠦ ᠲᠠᠯ᠎ᠠ ᠪᠠᠷ  ᠠᠬᠢᠭᠤᠯᠤᠨ᠎ᠠ᠃            ᠭᠤᠷᠪᠠ᠂ ᠣᠨᠴᠠᠯᠢᠭ ᠪᠠ ᠭᠢᠯᠠᠰ ᠴᠡᠭ            ︽ᠨᠡᠶᠢᠳᠡᠮ ᠭᠦᠢᠴᠡᠳᠬᠡᠬᠦ ᠨᠠᠷᠢᠨ ᠬᠠᠭᠤᠳᠠᠰᠤ︾ ᠨᠢ ᠠᠵᠤ ᠠᠬᠤᠶᠢᠯᠠᠯ ᠪᠣᠯᠣᠨ ᠣᠯᠠᠨ ᠲᠦᠮᠡᠨ ᠤ  ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ  ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠠᠴᠠ  ᠪᠠᠷᠢᠮᠵᠢᠶ᠎ᠠ ᠶᠢ ᠵᠢᠷᠤᠮᠵᠢᠭᠤᠯᠤᠨ᠂ ᠲᠤᠯᠭᠠᠭᠤᠷᠢᠯᠠᠯ ᠢ ᠳᠡᠭᠡᠭᠰᠢᠯᠡᠭᠦᠯᠵᠦ᠂ ᠪᠥᠬᠦ ᠣᠷᠣᠨ ᠤ ᠪᠠᠷᠢᠮᠵᠢᠶ᠎ᠠ ᠶᠢ  ᠨᠢᠭᠡᠳᠦᠭᠦᠯᠬᠦ᠂ ᠣᠨᠳᠣᠣ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ  ᠬᠠᠨᠳᠤᠯᠭ᠎ᠠ ᠲᠠᠢ ᠪᠠᠷ ᠰᠢᠯᠵᠢᠭᠦᠯᠬᠦ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ  ᠬᠡᠷᠡᠭᠯᠡᠨ ᠪᠢᠲᠡᠭᠦᠦ ᠴᠠᠭᠠᠷᠢᠭ ᠢᠶᠠᠷ ᠭᠦᠢᠴᠡᠳᠬᠡᠬᠦ ᠵᠠᠭᠪᠤᠷ ᠢ ᠪᠣᠶ ᠪᠣᠯᠭᠠᠭᠰᠠᠨ ᠨᠢ ᠣᠨᠳᠣᠣ ᠭᠠᠵᠠᠷ ᠲᠤ ᠠᠵᠢᠯ  ᠶᠠᠪᠤᠳᠠᠯ ᠭᠦᠢᠴᠡᠳᠬᠡᠬᠦ ᠳᠤ ︽ᠣᠯᠠᠨ ᠭᠠᠵᠠᠷ ᠲᠤ ᠣᠴᠢᠬᠤ︾ ︽ᠨᠠᠭᠠᠰᠢ ᠴᠠᠭᠠᠰᠢ ᠭᠦᠶᠦᠬᠦ︾ ᠠᠰᠠᠭᠤᠳᠠᠯ ᠢ  ᠰᠢᠢᠳᠪᠦᠷᠢᠯᠡᠨ᠂ ᠣᠯᠠᠨ ᠲᠦᠮᠡᠨ ᠤ ᠣᠨᠳᠣᠣ ᠭᠠᠵᠠᠷ ᠲᠤ ᠠᠵᠢᠯᠯᠠᠵᠤ ᠠᠮᠢᠳᠤᠷᠠᠬᠤ ᠳᠤ ᠲᠥᠬᠦᠮ  ᠦᠵᠡᠭᠦᠯᠦᠭᠰᠡᠨ ᠢᠶᠠᠷ ᠪᠠᠷᠠᠬᠤ ᠦᠭᠡᠢ ᠵᠠᠮ ᠬᠠᠷᠢᠯᠴᠠᠭᠠᠨ ᠤ ᠵᠠᠷᠤᠳᠠᠯ ᠪᠠ ᠴᠠᠭ ᠬᠤᠭᠤᠴᠠᠭᠠᠨ ᠤ ᠥᠪᠡᠷ ᠤᠨ  ᠥᠷᠲᠡᠭ ᠢ ᠠᠷᠪᠢᠯᠠᠪᠠ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号