ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠵᠢᠴᠢ ᠭᠤᠴᠢᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠡᠯ ᠵᠢᠴᠢ ᠡᠬᠢᠯᠡᠯᠳᠡ ᠶᠢᠨ ᠶᠤᠰᠤᠯᠡᠯ ᠤᠨ ᠦᠳᠡᠰᠢᠯᠡᠭᠡ ᠶᠢᠨ ᠪᠢᠯᠧᠲ ᠠᠪᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/20
      2023 ᠣᠨ ᠤ 7 ᠰᠠᠷ᠎ᠠ ᠶᠢᠨ 27 ᠤ ᠡᠳᠦᠷ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠵᠢᠴᠢ ᠭᠤᠴᠢᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠡᠬᠢᠯᠡᠬᠦ ᠲᠠᠰᠢᠷᠠᠮ ᠢᠶᠠᠷ ᠥᠷᠭᠡᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠠᠴᠠ ᠲᠤᠰᠬᠠᠶᠢᠯᠠᠨ ᠡᠬᠢᠯᠡᠯᠲᠡ ᠶᠢᠨ ᠶᠣᠰᠣᠯᠠᠯ᠂ ᠡᠬᠢᠯᠡᠯᠲᠡ ᠶᠢᠨ ᠶᠣᠰᠣᠯᠠᠯ ᠤᠨ ᠦᠳᠡᠰᠢᠯᠡᠭᠡ ᠶᠢᠨ ᠲᠠᠯᠠᠪᠤᠷ ᠲᠤ ᠣᠷᠣᠬᠤ ᠪᠢᠯᠧᠲ ᠪᠡᠯᠭᠡᠯᠡᠬᠦ ᠠᠵᠢᠯᠯᠠᠭ᠎ᠠ ᠦᠷᠨᠢᠬᠦᠯᠬᠦ ᠪᠠᠷ ᠪᠠᠶᠢᠨ᠎ᠠ᠃ ᠪᠣᠳᠠᠲᠠᠢ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠪᠢᠯᠧᠲ ᠠᠪᠬᠤ ᠴᠠᠭ      2023 ᠣᠨ ᠤ 7 ᠰᠠᠷ᠎ᠠ ᠶᠢᠨ 25 ᠤ ᠡᠳᠦᠷ —26 ᠤ ᠡᠳᠦᠷ ᠤᠨ ᠦᠳᠡ ᠶᠢᠨ ᠡᠮᠦᠨᠡᠬᠢ 8᠄ 30  — 11᠄ 30 ᠴᠠᠭ᠂ ᠦᠳᠡ ᠶᠢᠨ ᠬᠤᠶᠢᠨᠠᠬᠢ 15᠄ 00  — 18᠄ 00 ᠴᠠᠭ ︵ᠪᠢᠯᠧᠲ ᠤᠨ ᠲᠤᠭ᠎ᠠ ᠬᠢᠵᠠᠭᠠᠷ ᠲᠠᠢ︶      ᠬᠤᠶᠠᠷ᠂ ᠪᠢᠯᠧᠲ ᠠᠪᠬᠤ ᠭᠠᠵᠠᠷ      1. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠳᠤ ᠡᠷᠦᠬᠡ ᠠᠮᠠ ᠶᠢᠨ ᠲᠠᠩᠰᠠ ᠲᠠᠢ ᠬᠦᠮᠤᠰ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠰᠣᠶᠣᠯ ᠤᠨ ᠣᠷᠳᠣᠨ ᠤ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠶᠠᠫᠤᠨ ᠢ ᠡᠰᠡᠷᠭᠦᠴᠡᠭᠰᠡᠨ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠣᠷᠳᠣᠨ ᠤ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠣᠯ ᠤᠨ ᠵᠡᠭᠦᠨᠳᠡᠬᠢ  ᠶᠢᠨ ᠰᠠᠨ ᠵᠢᠶᠣᠣ ᠰᠠᠭᠤᠭᠠᠯᠢ ᠲᠤᠭᠤᠷᠢᠭ ᠤᠨ ᠲᠡᠷᠭᠡᠳᠡ ︵ᠳᠤᠮᠳᠠᠳᠤ ᠤᠯᠤᠰ ᠤᠨ ᠫᠢᠩ ᠠᠨ ᠳᠠᠭᠠᠳᠬᠠᠯ ᠤᠨ ᠺᠣᠮᠫᠠᠨᠢ ᠶᠢᠨ ᠡᠭᠦᠳᠡᠨ ᠡᠮᠦᠨ᠎ᠡ︶ ᠬᠦᠷᠴᠤ ᠪᠢᠯᠧᠲ ᠠᠪᠤᠷᠠᠭᠠᠷᠠᠢ᠃      2. ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠠᠴᠠ ᠭᠠᠳᠡᠨ᠎ᠡ ᠡᠷᠦᠬᠡ ᠠᠮᠠ ᠶᠢᠨ ᠲᠠᠩᠰᠠ ᠲᠠᠢ ᠬᠦᠮᠤᠰ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠤ ᠤᠶᠢᠯᠡᠰ ᠤᠨ ᠲᠤᠭᠤᠷᠢᠭ ᠤᠨ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠲᠤ ᠬᠦᠷᠴᠤ ᠪᠢᠯᠧᠲ ᠠᠪᠤᠭᠠᠷᠠᠢ᠃      ᠭᠤᠷᠪᠠ᠂ ᠠᠩᠬᠠᠷᠬᠤ ᠵᠦᠢᠯᠲᠣᠰ ᠬᠥᠮᠥᠨ ᠤ ᠪᠡᠶ᠎ᠡ ᠶᠢᠨ ᠦᠨᠡᠮᠯᠡᠯ ᠢᠶᠠᠨ ᠠᠪᠴᠤ ᠵᠣᠬᠢᠬᠤ ᠭᠠᠵᠠᠷ ᠲᠤ ᠣᠴᠢᠵᠤ ᠪᠢᠯᠧᠲ ᠠᠪᠤᠭᠠᠷᠠᠢ᠃ ᠬᠥᠮᠥᠨ ᠪᠦᠷᠢ ᠵᠥᠪᠬᠡᠨ ᠡᠬᠢᠯᠡᠯᠲᠡ ᠶᠢᠨ ᠶᠣᠰᠣᠯᠠᠯ ᠪᠠ ᠡᠬᠢᠯᠡᠯᠲᠡ ᠶᠢᠨ ᠶᠣᠰᠣᠯᠠᠯ ᠤᠨ ᠦᠳᠡᠰᠢᠯᠡᠭᠡ ᠶᠢᠨ ᠲᠣᠭᠯᠠᠯᠲᠠ ᠶᠢᠨ ᠲᠠᠯᠠᠪᠤᠷ ᠲᠤ ᠣᠷᠣᠬᠤ ᠪᠢᠯᠧᠲ ᠲᠣᠰ ᠪᠦᠷᠢ ᠨᠢᠭᠡ ᠬᠤᠪᠢ ᠠᠪᠴᠤ ᠪᠤᠯᠤᠨ᠎ᠡ᠃ ᠢᠯᠡᠭᠦᠦ ᠠᠪᠬᠤ ᠪᠤᠶᠤ ᠣᠷᠣᠯᠠᠨ ᠠᠪᠴᠤ ᠪᠣᠯᠬᠤ ᠦᠭᠡᠢ᠃      ᠣᠨᠴᠠᠭᠠᠶᠢᠯᠠᠨ ᠮᠡᠳᠡᠭᠳᠡᠪᠡ              ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ              ᠠᠷᠪᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠵᠢᠴᠢ              ᠭᠤᠴᠢᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ              ᠶᠡᠭᠡ ᠬᠤᠷᠠᠯ ᠤᠨ ᠵᠣᠬᠢᠶᠠᠨ ᠪᠠᠶᠢᠭᠤᠯᠬᠤ ᠵᠦᠪᠯᠡᠯ                        2023 ᠣᠨ 7 ᠰᠠᠷ᠎ᠠ ᠶᠢᠨ 20 ᠤ ᠡᠳᠦᠷ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号