ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠶᠠᠷ ᠢ ᠬᠦᠷᠢᠶᠡᠯᠡᠵᠦ ᠬᠠᠮᠳᠦ ᠪᠠᠷ ᠪᠠᠶᠢᠭᠤᠯᠬᠤ ᠪᠠᠶᠢᠭᠤᠯᠭ᠎ᠠ ᠨᠢᠭᠡᠴᠡ ᠵᠢᠴᠢ ᠬᠤᠳᠠᠯᠳᠤᠭᠠᠨ ᠤ ᠡᠷᠦᠬᠡ ᠳᠤ ᠫᠠᠶᠢᠰᠠ ᠤᠯᠭᠤᠬᠤ ᠶᠤᠰᠤᠯᠠᠯ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/7/21
      7 ᠰᠠᠷ᠎ᠠ ᠶᠢᠨ19 ᠤ ᠦᠳᠡ ᠶᠢᠨ ᠬᠤᠶᠢᠨ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠶᠠᠷ  ᠢ ᠬᠦᠷᠢᠶᠡᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠵᠦ᠂ ︽ᠲᠦᠷᠪᠡᠨ ᠨᠢᠭᠡ ᠶᠢᠨ ᠢᠨᠵᠧᠨ᠋ᠷᠢᠩ︾ ᠤᠨ ᠠᠭᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠶᠢᠨ ᠲᠦᠯᠦᠭᠡ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠶᠠᠷ ᠢ ᠬᠦᠷᠢᠯᠡᠬᠦ ᠠᠵᠢᠯ ᠤᠨ ᠤᠳᠤᠷᠢᠳᠬᠤ ᠲᠤᠭᠤᠶᠢᠯᠠᠩ ᠠᠴᠠ ᠭᠤᠤᠯᠯᠠᠨ ᠡᠷᠬᠢᠯᠡᠭᠰᠡᠨ ᠬᠤᠶᠠᠷ ᠢ ᠬᠦᠷᠢᠶᠡᠯᠡᠵᠦ ᠬᠠᠮᠳᠦ ᠪᠠᠷ ᠪᠠᠶᠢᠭᠤᠯᠬᠤ ᠨᠡᠶᠢᠭᠡᠮ ᠲᠤᠭᠤᠷᠢᠭ᠂ ᠰᠤᠷᠭᠠᠭᠤᠯᠢ᠂ ᠴᠡᠷᠢᠭ ᠢᠶᠠᠨ ᠬᠦᠷᠢᠶᠡᠯᠡᠬᠦ ᠬᠤᠳᠠᠯᠳᠤᠭᠠᠨ ᠤ ᠡᠷᠦᠬᠡ ᠳᠤ ᠫᠠᠶᠢᠰᠠ ᠤᠯᠭᠤᠬᠤ ᠶᠤᠰᠤᠯᠠᠯ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠦᠪ ᠤᠨ ᠬᠤᠷᠠᠯ ᠤᠨ ᠭᠡᠷ ᠶᠠᠪᠤᠭᠳᠠᠪᠠ᠃      ᠫᠠᠶᠢᠰᠠ ᠤᠯᠭᠤᠬᠤ ᠶᠤᠰᠤᠯᠠᠯ ᠲᠡᠭᠡᠷ᠎ᠡ᠂ ᠬᠤᠰᠢᠭᠤᠨ ᠤ ᠤᠳᠤᠷᠢᠳᠤᠯᠭ᠎ᠠ ᠠᠴᠠ ᠬᠤᠶᠠᠷ ᠢ ᠬᠦᠷᠢᠶᠡᠯᠡᠵᠦ ᠬᠠᠮᠳᠦ ᠪᠠᠷ ᠪᠠᠶᠢᠭᠤᠯᠬᠤ ᠨᠡᠶᠢᠭᠡᠮ ᠲᠤᠭᠤᠷᠢᠭ᠂ ᠬᠤᠶᠠᠷ ᠢ ᠬᠦᠷᠢᠶᠡᠯᠡᠵᠦ ᠬᠠᠮᠳᠦ ᠪᠠᠷ ᠪᠠᠶᠢᠭᠤᠯᠬᠤ ᠰᠤᠷᠭᠠᠭᠤᠯᠢ᠂ ᠴᠡᠷᠢᠭ ᠢᠶᠠᠨ ᠬᠦᠷᠢᠶᠡᠯᠡᠬᠦ ᠬᠤᠳᠠᠯᠳᠤᠭᠠᠨ ᠤ ᠡᠷᠦᠬᠡ ᠶᠢᠨ ᠲᠦᠯᠦᠭᠡᠯᠡᠭᠴᠢ ᠳᠤ ᠫᠠᠶᠢᠰᠠ ᠤᠯᠭᠤᠪᠠ᠃
微信图片_20230724105110.jpg
      ᠲᠠᠷᠠᠭ᠎ᠠ ᠨᠢ᠂ ᠨᠤᠮ ᠤᠨ ᠰᠠᠩ ᠪᠤᠯᠤᠨ ᠪᠠᠭ᠎ᠠ ᠤᠩᠭᠤᠨ ᠰᠢᠶᠠᠩ ᠤᠨ ᠵᠡᠪᠰᠡᠭᠳᠦ ᠬᠦᠴᠦᠨ ᠤ ᠬᠡᠯᠳᠡᠰ  ᠠᠴᠠ ᠲᠤᠰ ᠪᠦᠷᠢ ᠶᠢᠨ ᠨᠤᠮ ᠪᠢᠴᠢᠭ ᠬᠠᠨᠳᠢᠪᠯᠠᠬᠤ ᠪᠠ ᠪᠡᠶ᠎ᠡ ᠴᠢᠬᠢᠷᠠᠭᠵᠢᠭᠤᠯᠬᠤ ᠪᠠᠭᠠᠵᠢ ᠬᠡᠷᠡᠭᠰᠡᠯ ᠢ ᠬᠠᠨᠳᠢᠪᠯᠠᠬᠤ ᠶᠤᠰᠤᠯᠠᠯ ᠶᠠᠪᠤᠭᠤᠯᠵᠠᠢ᠃ ᠠᠵᠢᠯᠯᠠᠭ᠎ᠠ ᠲᠠᠭᠤᠰᠤᠭᠰᠠᠨ ᠤ ᠲᠠᠷᠠᠭ᠎ᠠ᠂ ᠬᠤᠷᠠᠯ ᠳᠤ ᠤᠷᠤᠯᠴᠠᠭᠰᠠᠳ ᠪᠠᠳᠤᠬᠠᠭᠠᠯᠭ᠎ᠠ  ᠶᠢᠨ ᠶᠠᠫᠤᠨ ᠢ ᠡᠰᠡᠷᠭᠦᠴᠡᠭᠰᠡᠨ ᠵᠡᠪᠰᠡᠭᠳᠦ ᠪᠤᠰᠤᠯᠭ᠎ᠠ ᠶᠢᠨ ᠲᠤᠷᠠᠰᠬᠠᠯ ᠤᠨ ᠦᠵᠡᠭᠦᠯᠦᠯᠭᠡ ᠶᠢᠨ ᠲᠢᠩᠬᠢᠮ ᠳᠤ ᠬᠠᠮᠳᠦ ᠪᠠᠷ ᠶᠠᠫᠤᠨ ᠢ ᠡᠰᠡᠷᠭᠦᠴᠡᠭᠰᠡᠨ ᠬᠤᠪᠢᠰᠬᠠᠯᠳᠦ ᠲᠡᠥᠬᠡ ᠪᠠ ᠦᠩᠭᠡᠷᠡᠯᠳᠡ ᠶᠢ ᠡᠷᠬᠢᠴᠡᠭᠦᠯᠪᠡ᠃      ᠲᠤᠰ ᠤᠳᠠᠭᠠᠨ ᠤ ᠠᠵᠢᠯᠯᠠᠭ᠎ᠠ ᠨᠢ ᠪᠤᠳᠠᠳᠦ ᠠᠵᠢᠯ᠊ ᠯᠠᠭ᠎ᠠ ᠪᠠᠷ ᠢᠶᠠᠨ ᠦᠷᠭᠡᠨ ᠤᠯᠠᠨ ᠴᠡᠷᠢᠭ ᠠᠴᠠ ᠬᠠᠯᠠᠭᠰᠠᠳ ᠵᠢᠴᠢ ᠴᠡᠷᠢᠭ ᠤᠨ ᠭᠡᠷ ᠪᠦᠯᠢ ᠶᠢᠨ ᠬᠢᠨ ᠢ ᠬᠦᠨᠳᠦᠳᠭᠡᠨ ᠬᠠᠶᠢᠷᠠᠯᠠᠵᠦ ᠪᠠᠶᠢᠬᠤ ᠶᠢ ᠢᠯᠡᠷᠡᠭᠦᠯᠵᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠬᠦᠨ ᠵᠤᠵᠠᠭᠠᠨ ᠠᠭᠤᠷ ᠠᠮᠢᠰᠬᠤᠯ ᠢ ᠰᠠᠨᠠᠭᠠᠴᠢᠯᠠᠵᠦ᠂ ᠴᠡᠷᠢᠭ ᠠᠴᠠ ᠬᠠᠯᠠᠭᠰᠠᠳ ᠤᠨ ᠶᠠᠪᠤᠳᠠᠯ ᠤᠨ ᠲᠤᠪᠴᠢᠶ᠎ᠠ ᠴᠡᠷᠢᠭ ᠠᠩᠭᠢ ᠪᠠ ᠤᠷᠤᠨ ᠨᠤᠳᠤᠭ  ᠤᠨ ᠬᠤᠶᠠᠷ ᠢ ᠬᠤᠷᠢᠶᠡᠯᠡᠵᠦ ᠬᠠᠮᠳᠦ ᠪᠠᠷ ᠪᠠᠶᠢᠭᠤᠯᠬᠤ ᠠᠵᠢᠯ ᠤᠨ ᠠᠵᠢᠯᠯᠠᠭᠠᠨ ᠤ ᠲᠤᠭᠳᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠵᠦ᠂ ᠬᠤᠶᠠᠷ ᠢ ᠬᠦᠷᠢᠯᠡᠵᠦ ᠬᠠᠮᠳᠦ ᠪᠠᠷ ᠪᠠᠶᠢᠭᠤᠯᠬᠤ ︽ᠲᠦᠷᠪᠡᠨ ᠨᠢᠭᠡ ᠶᠢᠨ ᠢᠨᠵᠧᠨ᠋ᠷᠢᠩ︾ ᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠨ ᠤ ᠬᠤᠰᠢᠭᠤᠨ ᠤ ᠦᠪᠡᠷᠳᠡᠭᠡᠨ ᠵᠠᠰᠠᠬᠤ ᠤᠷᠤᠨ ᠤ ᠬᠤᠶᠠᠷ ᠢ ᠬᠦᠷᠢᠶᠡᠯᠡᠬᠦ ᠵᠢᠱᠢᠶᠡᠴᠢ ᠶᠢᠨ ︽ᠵᠠᠯᠭᠠᠭ᠎ᠠ ᠪᠠᠷ ᠶᠢᠰᠦ ᠤᠳᠤᠭ᠎ᠠ ᠮᠠᠩᠯᠠᠢ︾ ᠶᠢ ᠡᠭᠦᠳᠦᠨ ᠪᠠᠶᠢᠭᠤᠯᠬᠤ ᠳᠤ ᠪᠠᠳᠤ ᠪᠠᠬᠢ ᠰᠠᠭᠤᠷᠢ ᠲᠠᠯᠪᠢᠵᠦ ᠪᠤᠢ᠃
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号