ᠲᠠᠷᠬᠠᠨ ᠰᠤᠮᠤᠨ ᠤ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠵᠢᠴᠢ ᠴᠠᠭᠠᠬᠤᠪᠤᠭ᠎ᠠ ᠭᠠᠴᠠᠭ᠎ᠠ  ᠶᠢᠨ ᠨᠠᠢᠮᠠᠳᠤᠭᠠᠷ ᠬᠤᠭᠤᠴᠠᠭᠠᠨ ᠤ ︽ᠴᠡᠭᠡ︾ ᠶᠢᠨ ᠰᠤᠶᠤᠯ ᠤᠨ ᠨᠠᠶᠢᠷ ᠨᠢᠵᠢᠭᠢᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2023/7/22
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠪᠤᠭᠤᠲᠤ ᠬᠤᠲᠠ ᠶᠢᠨ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠠᠷᠢᠶᠠᠯᠠᠩ ᠮᠠᠯ ᠠᠵᠤ ᠠᠬᠤᠢ᠂ ᠠᠮᠢ ᠠᠬᠤᠢ᠂ ᠰᠣᠶᠣᠯ ᠵᠢᠭᠤᠯᠴᠢᠯᠠᠯ ᠵᠡᠷᠭᠡ ︽ᠭᠤᠷᠪᠠᠨ ᠦᠢᠯᠡᠰ ᠤᠨ ᠠᠭᠤᠰᠤᠯᠴᠠᠯ︾ ᠢ ᠴᠢᠩᠭ᠎ᠠ ᠠᠳᠬᠤᠨ᠂ ᠠᠳᠤᠭᠤᠨ ᠰᠣᠶᠣᠯ᠂ ᠴᠡᠭᠡ ᠶᠢᠨ ᠰᠣᠶᠣᠯ ᠤᠨ ᠨᠠᠷᠠᠲᠤ ᠲᠡᠮᠳᠡᠭ  ᠢ ᠡᠭᠦᠳᠴᠦ᠂ ᠳᠠᠷᠬᠠᠨ ᠰᠤᠮᠤ ᠶᠢᠨ ᠰᠣᠶᠣᠯ ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠦᠯᠦᠭᠡ 7 ᠰᠠᠷ᠎ᠠ ᠶᠢᠨ21 ᠤ ᠡᠳᠦᠷ ᠳᠠᠷᠬᠠᠨ ᠰᠤᠮᠤᠨ ᠤ ᠬᠤᠶᠠᠳᠤᠭᠠᠷ ᠬᠤᠭᠤᠴᠠᠭᠠᠨ ᠤ ᠨᠠᠭᠠᠳᠤᠮ ᠤᠨ ᠬᠤᠷᠠᠯ ᠵᠢᠴᠢ ᠴᠠᠭᠠᠬᠤᠪᠤᠭ᠎ᠠ ᠭᠠᠴᠠᠭ᠎ᠠ ᠶᠢᠨ ᠨᠠᠢᠮᠠᠳᠤᠭᠠᠷ ᠬᠤᠭᠤᠴᠠᠭᠠᠨ ᠤ ︿ᠴᠡᠭᠡ ﹀ ᠶᠢᠨ ᠰᠣᠶᠣᠯ ᠤᠨ ᠨᠠᠶᠢᠷ ᠲᠠᠷᠬᠠᠨ ᠰᠤᠮᠤᠨ ᠤ ᠨᠠᠭᠠᠳᠤᠮ ᠤᠨ ᠬᠤᠷᠠᠯ ᠤᠨ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠬᠳᠠᠪᠠ᠃
微信图片_20230725105256.jpg
      ᠡᠬᠢᠯᠡᠯᠲᠡ ᠶᠢᠨ ᠶᠣᠰᠣᠯᠠᠯ ᠳᠠᠭᠡᠷ᠎ᠠ ᠤᠯᠤᠰ ᠤᠨ ᠲᠤᠭ ᠤᠨ ᠵᠢᠭᠰᠠᠭᠠᠯ ᠤᠨ ᠡᠩᠨᠡᠭᠡ᠂ ᠬᠢᠯᠢ ᠶᠢᠨ ᠬᠠᠮᠠᠭᠠᠯᠠᠭᠴᠢ ᠶᠢᠨ ᠵᠢᠭᠰᠠᠭᠠᠯ ᠤᠨ ᠡᠩᠨᠡᠭᠡ᠂ ᠭᠠᠴᠠᠭᠠᠨ ᠤ ᠮᠠᠯᠴᠢᠳ ᠤᠨ ᠵᠢᠭᠰᠠᠭᠠᠯ ᠤᠨ ᠡᠩᠨᠡᠭᠡ ᠡᠮᠬᠢ ᠴᠡᠭᠴᠡ  ᠲᠠᠢ ᠪᠠᠷ ᠲᠠᠯᠠᠪᠠᠢ ᠳᠤ ᠤᠷᠤᠵᠤ᠂ ᠤᠯᠤᠰ ᠤᠨ ᠲᠤᠬ ᠮᠠᠨᠳᠤᠭᠤᠯᠬᠤ᠂ ᠭᠠᠯ ᠲᠠᠬᠢᠬᠤ᠂ ᠮᠤᠷᠢ ᠰᠡᠳᠡᠷᠯᠡᠬᠦ ᠵᠡᠷᠭᠡ ᠤᠯᠠᠨ ᠰᠠᠶᠢᠬᠠᠨ ᠤᠳᠬ᠎ᠠ ᠠᠭᠤᠯᠭ᠎ᠠ ᠲᠠᠢ ᠠᠵᠢᠯᠯᠠᠭ᠎ᠠ ᠶᠠᠪᠤᠬᠳᠠᠬᠰᠠᠨ ᠤ ᠲᠠᠷᠠᠭ᠎ᠠ ᠬᠤᠰᠢᠭᠤ ᠤᠯᠠᠭᠠᠨᠮᠦ᠋ᠴᠢᠷ ᠤᠨ  ᠬᠢᠨ ᠪᠠ ︽ᠤᠶᠠᠩᠭ᠎ᠠ︾ ᠤᠷᠠᠨ ᠰᠠᠶᠢᠬᠠᠨ ᠤ ᠪᠦᠯᠬᠦᠮ ᠤᠨ ᠭᠤᠴᠤ ᠰᠠᠶᠢᠬᠠᠨ ᠲᠤᠬᠯᠠᠯᠳᠠ ᠪᠠᠷ ᠦᠵᠡᠭᠴᠢᠳ ᠲᠦᠮᠡᠨ ᠢᠶᠠᠨ ᠪᠠᠶᠠᠰᠬᠠᠬᠰᠠᠨ ᠪᠠᠶᠢᠨ᠎ᠠ᠃      ᠨᠢᠵᠢᠭᠡᠷ ᠰᠠᠶᠢᠬᠠᠨ ᠡᠬᠢᠯᠡᠯᠳᠡ ᠶᠢᠨ ᠶᠤᠰᠤᠯᠠᠯ ᠤᠨ ᠲᠠᠷᠠᠭ᠎ᠠ ᠤᠯᠠᠮᠵᠢᠯᠠᠯᠳᠤ ᠡᠷ᠎ᠡ ᠶᠢᠨ ᠭᠤᠷᠪᠠᠨ ᠨᠠᠭᠠᠳᠤᠮ ᠡᠬᠢᠯᠡᠨ ᠶᠠᠪᠤᠬᠳᠠᠵᠤ᠂ 5000 ᠮᠧᠲᠷ ᠤᠨ ᠬᠤᠷᠳᠤᠨ ᠮᠤᠷᠢᠨ ᠤ ᠤᠷᠤᠯᠳᠤᠭᠠᠨ ᠳᠤ ᠪᠠᠶᠠᠨᠨᠠᠭᠤᠷ ᠬᠤᠳᠠ ᠶᠢᠨ ᠤᠷᠠᠳ ᠤᠨ ᠲᠤᠮᠳᠠ ᠬᠤᠰᠢᠭᠤᠨ ᠤ ᠢᠯᠡᠯᠳᠡ ᠶᠢᠨ ᠮᠤᠷᠢ ᠲᠡᠷᠢᠬᠦᠯᠡᠵᠦ᠂ ᠪᠠᠶᠠᠨᠬᠤᠸᠠ ᠪᠠᠯᠭᠠᠰᠤᠨ ᠤ ᠠᠳᠢᠶ᠎ᠡ ᠶᠢᠨ ᠬᠦᠷᠡᠩ ᠮᠤᠷᠢ᠂ ᠬᠠᠯᠳᠠᠷ ᠮᠤᠷᠢ ᠲᠤᠰ ᠲᠤᠰ ᠬᠤᠶᠠᠷ ᠭᠤᠷᠪᠠ ᠳᠤ ᠬᠤᠷᠳᠤᠯᠠᠬᠰᠠᠨ ᠪᠠᠶᠢᠨ᠎ᠠ᠃ 2000 ᠮᠧᠲᠷ ᠤᠨ ᠵᠢᠷᠤᠭ᠎ᠠ ᠮᠣᠷᠢᠨ ᠤ ᠤᠷᠤᠯᠳᠤᠭᠠᠨ ᠳᠤ ᠵᠠᠩ ᠬᠠᠢ ᠫᠢᠩ ᠤᠨ ᠵᠢᠷᠤᠭ᠎ᠠ ᠭᠡᠭᠡᠷ ᠲᠡᠷᠢᠭᠦᠯᠡᠵᠦ᠂ ᠴᠢᠮᠡᠭ ᠤᠨ ᠬᠦᠷᠡᠩ ᠮᠤᠷᠢ᠂ ᠪᠢᠯᠢᠭ ᠤᠨ ᠭᠡᠬᠡᠷ ᠮᠤᠷᠢ ᠲᠤᠰ ᠲᠤᠰ ᠬᠤᠶᠠᠷ ᠭᠤᠷᠪᠠ ᠳᠤ ᠤᠷᠤᠵᠤ᠂ ᠬᠤᠯᠢᠮᠠᠭ ᠴᠢᠰᠤᠨ ᠤ ᠵᠢᠷᠤᠭ᠎ᠠ ᠮᠤᠷᠢᠨ ᠤ ᠤᠷᠤᠯᠳᠤᠭᠠᠨ ᠳᠤ ᠲᠤᠷᠤᠨ᠎ᠠ ᠶᠢᠨ ᠬᠡᠭᠡᠷ ᠮᠤᠷᠢ ᠲᠡᠷᠢᠭᠦᠯᠡᠵᠦ᠂ ᠮᠠᠨᠳᠤᠯ ᠶᠢᠨ ᠬᠠᠷ᠎ᠠ ᠬᠦᠷᠡᠩ ᠮᠤᠷᠢ ᠲᠡᠳ᠋ᠯᠡᠵᠦ᠂ ᠭᠡᠰᠢᠭᠳᠡᠯᠡᠢ ᠶᠢᠨ ᠵᠢᠷᠤᠭ᠎ᠠ ᠬᠠᠯᠳᠠᠷ ᠭᠤᠷᠪᠠ ᠳᠤ ᠲᠤᠳᠤᠷᠠᠬᠰᠠᠨ ᠪᠠᠶᠢᠨ᠎ᠠ᠃ 3000 ᠮᠧᠲᠷ ᠤᠨ ᠳᠠᠭ᠎ᠠ ᠶᠢᠨ ᠤᠷᠤᠯᠳᠤᠭᠠᠨ ᠳᠤ ᠲᠡᠷᠭᠡᠯ ᠤᠨ ᠬᠤᠸᠠ ᠲᠠᠭ᠎ᠠ ᠲᠡᠷᠢᠬᠦᠯᠡᠵᠦ᠂ ᠬᠦᠸᠧ ᠰᠢᠶᠤᠤ ᠵᠢᠶᠦ᠋ᠨ ᠤ ᠭᠡᠭᠡᠷ ᠲᠠᠭ᠎ᠠ ᠲᠡᠳ᠋ᠯᠡᠵᠦ᠂ ᠬᠠᠰᠴᠢᠮᠡᠭ ᠤᠨ ᠰᠢᠷ᠎ᠠ ᠭᠡᠭᠡᠷ ᠲᠠᠭ᠎ᠠ ᠭᠤᠷᠪᠠᠳᠤᠭᠠᠷ ᠲᠤ ᠲᠤᠳᠤᠷᠠᠪᠠ᠃      ᠬᠦᠴᠦᠳᠦ 32 ᠪᠦᠭᠡ ᠶᠢᠨ ᠪᠠᠷᠢᠯᠳᠤᠭᠠᠨ ᠳᠤ ᠤᠷᠠᠳ ᠤᠨ ᠲᠤᠮᠳᠠ ᠬᠤᠰᠢᠭᠤᠨ ᠤ ᠬᠦᠰᠡᠯ ᠲᠡᠷᠢᠬᠦᠯᠡᠵᠦ᠂ ᠴᠠᠭᠠᠨᠬᠠᠳᠠ ᠰᠤᠮᠤᠨ ᠤ ᠪᠠᠳᠮᠠᠭᠦᠦ ᠲᠡᠳ᠋ᠯᠡᠵᠦ᠂ ᠮᠠᠨᠳᠤᠯ ᠤᠨ ᠨᠠᠴᠢᠨ᠂ ᠪᠠᠶᠠᠨᠬᠤᠸᠠ ᠪᠠᠯᠭᠠᠰᠤᠨ ᠤ ᠲᠤᠷᠠᠰᠬᠠᠯᠳᠤ ᠲᠤᠰ ᠲᠤᠰ ᠭᠤᠷᠪᠠ ᠲᠦᠷᠪᠡ ᠳᠤ ᠲᠤᠳᠤᠷᠠᠬᠰᠠᠨ ᠪᠠᠶᠢᠨ᠎ᠠ᠃
微信图片_20230725105306.jpg
      30 ᠮᠧᠲᠷ ᠤᠨ ᠤᠯᠠᠮᠵᠢᠯᠠᠯᠲᠤ ᠨᠤᠮᠤ ᠰᠤᠮᠤᠨ ᠤ ᠬᠠᠷᠪᠤᠭ᠎ᠠ ᠳᠤ ᠪᠠᠶᠠᠨᠬᠤᠸᠠ ᠪᠠᠯᠭᠠᠰᠤᠨ ᠤ ᠮᠦᠩᠬᠡᠳᠡᠯᠠᠢ ᠲᠡᠷᠢᠭᠦᠯᠡᠵᠦ᠂ ᠤᠷᠳᠤᠰ ᠬᠤᠳᠠ ᠶᠢᠨ ᠮᠦᠩᠭᠡᠳᠦᠷᠵᠢ ᠲᠡᠳ᠋ᠯᠡᠵᠦ᠂ ᠲᠦᠷᠪᠡᠳ ᠬᠤᠰᠢᠭᠤᠨ ᠤ ᠠᠯᠳᠠᠨᠪᠠᠶᠠᠷ᠂ ᠪᠠᠶᠠᠨᠬᠤᠸᠠ ᠪᠠᠯᠭᠠᠰᠤᠨ ᠤ ᠰᠢᠨᠡᠪᠡᠶᠠᠷ ᠭᠤᠳᠠᠭᠠᠷ ᠲᠦᠳᠦᠭᠡᠷ ᠲᠤ ᠰᠢᠯᠭᠠᠷᠠᠬᠰᠠᠨ ᠪᠠᠶᠢᠨ᠎ᠠ᠃      ᠲᠤᠰ ᠤᠳᠠᠭᠠᠨ ᠤ ᠡᠨᠡᠬᠦ ᠠᠵᠢᠯᠯᠠᠭ᠎ᠠ ᠨᠢ ᠳᠠᠷᠬᠠᠨ ᠰᠤᠮᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠨᠠᠩ ᠣᠯᠠᠨ ᠬᠦᠮᠦᠰ ᠲᠤ ᠳᠠᠷᠬᠠᠨ ᠰᠤᠮᠤᠨ ᠤ ᠤᠷᠤᠨ ᠨᠤᠳᠤᠭ ᠤᠨ ᠤᠨᠴᠠᠯᠢᠬᠳᠤ ᠰᠤᠶᠤᠯ ᠢ ᠪᠦᠬᠦ ᠲᠠᠯ᠎ᠠ ᠪᠠᠷ ᠲᠡᠯᠭᠡᠨ ᠦᠵᠡᠭᠦᠯᠵᠦ ᠴᠢᠳᠠᠬᠰᠠᠨ ᠪᠠᠶᠢᠨ᠎ᠠ᠃                
微信图片_20230725105313.jpg
微信图片_20230725105317.jpg
微信图片_20230725105325.jpg
微信图片_20230725105332.jpg
微信图片_20230725105342.jpg
微信图片_20230725105348.jpg
微信图片_20230725105355.jpg
微信图片_20230725105359.jpg
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号