ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠵᠢᠭᠤᠯᠴᠢᠯᠠᠯ ᠤᠨ ᠨᠠᠶᠢᠷ ᠵᠢᠴᠢ ᠭᠤᠴᠢᠨ ᠭᠤᠷᠪᠠᠳᠤᠭᠠᠷ ᠬᠤᠭᠤᠴᠠᠭᠠᠨᠨ ᠤ ᠨᠠᠭᠠᠳᠤᠮ ᠤᠨ ᠶᠡᠭᠡ ᠬᠤᠷᠠᠯ ᠤᠨ ᠡᠬᠢᠯᠡᠯᠳᠡ ᠶᠢᠨ ᠶᠤᠰᠤᠯᠠᠯ ᠤᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠬᠠᠮᠢᠶᠠᠷᠤᠯᠳᠠ ᠬᠡᠷᠡᠭᠯᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/7/24
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠨᠠᠶᠢᠷ ᠵᠢᠴᠢ ᠭᠤᠴᠢᠨ ᠭᠤᠷᠪᠠᠳᠤᠭᠠᠷ ᠬᠤᠭᠤᠴᠠᠭᠠᠨ ᠤ ᠨᠠᠭᠠᠳᠤᠮ ᠤᠨ ᠶᠡᠭᠡ ᠬᠤᠷᠠᠯ ᠢ 2023 ᠣᠨ ᠤ 7 ᠰᠠᠷ᠎ᠠ ᠶᠢᠨ 27  ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠡᠷᠬᠢᠯᠡᠬᠦ ᠪᠠᠷ ᠲᠣᠭᠲᠠᠪᠠ᠃ ᠨᠠᠭᠠᠳᠤᠮ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠢᠴᠢ ᠡᠷᠬᠢᠨ ᠲᠣᠭᠤᠷᠢᠨ ᠤ ᠬᠡᠰᠡᠭ ᠭᠠᠵᠠᠷ ᠣᠷᠣᠨ ᠪᠠ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠬᠤ ᠪᠠᠷ ᠲᠤᠭᠲᠠᠵᠤ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠃      ᠨᠢᠭᠡ᠂ ᠵᠠᠬᠢᠷᠤᠨ ᠬᠠᠮᠢᠶᠠᠷᠬᠤ ᠬᠦᠷᠢᠶ᠎ᠡ ᠬᠡᠪᠴᠢᠶ᠎ᠡ      1. 2023 ᠣᠨ ᠤ 7 ᠰᠠᠷ᠎ᠠ ᠶᠢᠨ 27 ᠤ ᠡᠳᠦᠷ ᠤᠯᠠᠭᠠᠨᠴᠠᠪ ᠵᠠᠮ ᠤᠨ ᠢᠲᠡᠭᠡᠮᠵᠢ ᠶᠢᠨ ᠬᠤᠷᠰᠢᠶ᠎ᠠ ᠶᠢᠨ ᠲᠣᠨᠣᠯᠵᠢᠨ ᠵᠠᠮ ᠳᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠵᠡᠭᠦᠨ ᠪᠠᠷᠠᠭᠤᠨ ᠴᠢᠭᠯᠡᠯ ᠤᠨ ᠲᠡᠷᠭᠡ ᠬᠥᠰᠬᠡ ᠶᠢᠨ ᠨᠡᠪᠲᠡᠷᠡᠬᠦ ᠶᠢ ᠴᠠᠭᠠᠵᠠᠯᠠᠨ᠎ᠠ᠃ ᠵᠢᠮᠢᠰᠲᠡᠢ ᠪᠠᠭᠤᠳᠠᠯ ᠤᠨ ᠡᠮᠦᠨ᠎ᠡ ᠵᠠᠮ ᠤᠨ ᠠᠭᠤᠯᠵᠠᠷ᠂ ᠰᠢᠭᠦᠬᠦ ᠬᠤᠷᠢᠶᠠᠨ ᠤ ᠡᠮᠦᠨ᠎ᠡ ᠵᠠᠮ ᠤᠨ ᠠᠭᠤᠯᠵᠠᠷ᠂ ᠳᠥᠷᠪᠡᠨ ᠳᠠᠩ ᠴᠤᠭᠴᠠ ᠠᠴᠠ ᠡᠮᠦᠨᠡᠰᠢ ᠤᠮᠠᠷᠠᠰᠢ ᠴᠢᠭᠯᠡᠯ ᠤᠨ ᠵᠠᠮ ᠤᠨ ᠠᠭᠤᠯᠵᠠᠷ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠠᠪᠤᠭᠤᠯᠵᠤ᠂ ᠵᠠᠬᠢᠷᠤᠨ ᠬᠠᠮᠢᠶᠠᠷᠬᠤ ᠬᠤᠭᠤᠴᠠᠭᠠᠨ ᠳᠤ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃      2. 2023 ᠣᠨ ᠤ 7 ᠰᠠᠷ᠎ᠠ ᠶᠢᠨ 27 ᠤ ᠡᠳᠦᠷ ᠤᠯᠠᠭᠠᠨᠴᠠᠪ ᠵᠠᠮ ᠤᠨ ᠬᠤᠷᠠᠯ ᠤᠨ ᠲᠠᠯᠠᠪᠠᠶ ᠶᠢᠨ T ᠬᠡᠯᠪᠡᠷᠢᠲᠦ ᠵᠠᠮ ᠤᠨ ᠠᠭᠤᠯᠵᠠᠷ ᠠᠴᠠ ᠡᠮᠦᠨᠡᠰᠢ ᠶᠠᠪᠤᠬᠤ ᠵᠠᠮ ᠢ ᠬᠤᠶᠢᠨ᠎ᠠ ᠠᠴᠠ ᠡᠮᠦᠨᠡᠰᠢ ᠴᠢᠭᠯᠡᠯ ᠢᠶᠠᠷ ᠲᠦᠷ ᠨᠡᠪᠳᠡᠷᠡᠭᠦᠯᠵᠦ᠂ G335 ᠤᠯᠤᠰ ᠤᠨ ᠵᠠᠮ ᠠᠴᠠ ᠬᠤᠷᠠᠯ ᠤᠨ ᠲᠠᠯᠠᠪᠠᠶ ᠶᠢᠨ ᠴᠢᠭᠯᠡᠯ ᠵᠦᠭ ᠨᠡᠪᠲᠡᠷᠡᠬᠦ ᠶᠢ ᠴᠠᠭᠠᠵᠠᠯᠠᠨ᠎ᠠ᠃      3. 2023 ᠣᠨ ᠤ 7 ᠰᠠᠷ᠎ᠠ ᠶᠢᠨ 27 ᠤ ᠡᠳᠦᠷ ᠤᠯᠠᠭᠠᠨᠴᠠᠪ ᠵᠠᠮ ᠤᠨ ᠰᠢᠲᠠᠮᠠᠬᠠᠢ ᠬᠡᠢ ᠨᠡᠮᠡᠬᠦ ᠥᠷᠲᠡᠭᠡ ᠶᠢᠨ ᠵᠠᠮ ᠤᠨ ᠠᠭᠤᠯᠵᠠᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠠᠮ ᠤᠨ ᠠᠭᠤᠯᠵᠠᠷ᠂ ᠢᠲᠡᠭᠡᠮᠵᠢ ᠶᠢᠨ ᠬᠤᠷᠰᠢᠶ᠎ᠠ ᠶᠢᠨ ᠵᠠᠮ ᠤᠨ ᠠᠭᠤᠯᠵᠠᠷ᠂ ᠬᠤᠷᠠᠯ ᠤᠨ ᠲᠠᠯᠠᠪᠠᠶ ᠶᠢᠨ T ᠬᠡᠯᠪᠡᠷᠢᠲᠦ ᠵᠠᠮ ᠤᠨ ᠠᠭᠤᠯᠵᠠᠷ ᠤᠨ ᠳᠣᠬᠢᠶᠠᠨ ᠳ᠋ᠧᠩ ᠢ ᠬᠠᠭᠠᠵᠤ᠂ ᠵᠠᠮ ᠬᠠᠷᠢᠯᠴᠠᠭᠠᠨ ᠤ ᠴᠠᠭᠳᠠᠭ᠎ᠠ ᠲᠤᠬᠠᠢ ᠶᠢᠨ ᠲᠠᠯᠠᠪᠤᠷ ᠲᠤᠨᠢ ᠵᠠᠮ ᠬᠠᠷᠢᠯᠴᠠᠭ᠎ᠠ ᠶᠢ ᠵᠢᠯᠣᠭᠤᠳᠤᠨ᠎ᠠ᠃      4. ᠨᠠᠭᠠᠳᠤᠮ ᠤᠨ ᠭᠤᠣᠯ ᠬᠤᠷᠠᠯ ᠤᠨ ᠲᠠᠯᠠᠪᠠᠶ ᠳᠤ 1 ᠳ᠋ᠦ᠋ᠭᠡᠷ ᠲᠡᠷᠭᠡᠨ ᠵᠣᠭᠰᠣᠭᠠᠯ ᠭᠠᠷᠭᠠᠵᠤ᠂ 2200 ᠲᠡᠷᠭᠡ ᠵᠣᠭᠰᠣᠭᠠᠵᠤ᠂ ᠤᠯᠠᠭᠠᠨᠴᠠᠪ ᠵᠠᠮ ᠳᠤ 2 ᠳ᠋ᠤᠭᠠᠷ ᠨᠣᠮᠧᠷᠲᠤ ᠲᠡᠷᠭᠡᠨ ᠵᠣᠭᠰᠣᠭᠠᠯ ᠭᠠᠷᠭᠠᠨ᠂ 600 ᠲᠡᠷᠭᠡ ᠵᠣᠭᠰᠣᠭᠠᠵᠤ ᠪᠣᠯᠣᠨ᠎ᠠ᠃ ᠬᠤᠷᠠᠯ ᠤᠨ ᠲᠠᠯᠠᠪᠠᠢ ᠶᠢᠨ ᠭᠠᠷᠬᠤ ᠡᠭᠦᠳᠡ ᠠᠴᠠ ᠵᠡᠭᠦᠨ ᠵᠦᠭ ᠲᠤ 3 ᠳ᠋ᠤᠭᠠᠷ ᠨᠣᠮᠧᠷᠲᠤ ᠲᠡᠷᠭᠡ ᠵᠣᠭᠰᠣᠬᠤ ᠲᠠᠯᠠᠪᠠᠢ ᠭᠠᠷᠭᠠᠵᠤ᠂ 3000 ᠲᠡᠷᠭᠡ ᠵᠣᠭᠰᠣᠭᠠᠵᠤ ᠪᠣᠯᠣᠨ᠎ᠠ᠃ ︵ᠲᠡᠷᠭᠡᠨ ᠵᠣᠭᠰᠣᠭᠠᠯ ᠤᠨ ᠪᠣᠳᠠᠲᠠᠢ ᠪᠠᠶᠢᠷᠢ ᠶᠢ ᠨᠠᠭᠠᠳᠤᠮ ᠤᠨ ᠬᠤᠷᠠᠯ ᠤᠨ ᠲᠠᠯᠠᠪᠠᠶ ᠶᠢᠨ ᠵᠠᠮ ᠬᠠᠷᠢᠯᠴᠠᠭᠠᠨ ᠤ ᠪᠠᠶᠢᠷᠢᠯᠠᠭᠤᠯᠤᠯᠲᠠ ᠶᠢᠨ ᠵᠢᠷᠤᠭ ᠢ ᠦᠵᠡᠭᠡᠷᠡᠢ︶      ᠬᠤᠶᠠᠷ᠂ ᠵᠠᠬᠢᠷᠤᠨ ᠬᠠᠮᠢᠶᠠᠷᠬᠤ ᠱᠠᠭᠠᠷᠳᠠᠯᠭ᠎ᠠ᠄      1. ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠵᠠᠮ ᠳᠡᠭᠡᠷ᠎ᠡ ᠨᠡᠶᠢᠭᠡᠮ ᠤᠨ ᠲᠡᠷᠭᠡ ᠬᠥᠰᠬᠡ ᠣᠷᠣᠵᠤ ᠭᠠᠷᠬᠤ ᠶᠢ ᠴᠠᠭᠠᠵᠠᠯᠠᠨ᠎ᠠ᠃ ᠡᠯ᠎ᠡ ᠲᠡᠷᠭᠡᠨ ᠵᠣᠭᠰᠣᠭᠠᠯ ᠳᠤ ᠣᠷᠣᠬᠤ ᠲᠡᠷᠭᠡ ᠬᠥᠰᠬᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠪᠠᠶᠢᠷᠢᠯᠠᠭᠤᠯᠤᠭᠰᠠᠨ ᠵᠠᠮ ᠬᠠᠷᠢᠯᠴᠠᠭᠠᠨ ᠤ ᠵᠢᠭᠠᠪᠤᠷᠢ ᠪᠣᠯᠣᠨ ᠵᠠᠮᠴᠢᠯᠠᠬᠤ ᠲᠡᠮᠳᠡᠭ ᠢᠶᠠᠷ ᠶᠠᠪᠤᠬᠤ ᠬᠡᠷᠡᠭᠲᠡᠢ ᠪᠥᠭᠡᠳ ᠡᠭᠦᠷᠭᠡ ᠭᠦᠢᠴᠡᠳᠬᠡᠵᠦ ᠪᠠᠶᠢᠭ᠎ᠠ ᠵᠠᠮ ᠬᠠᠷᠢᠯᠴᠠᠭᠠᠨ ᠤ ᠴᠠᠭᠳᠠᠭ᠎ᠠ ᠶᠢᠨ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠶᠢ ᠵᠢᠷᠤᠮᠯᠠᠬᠤ ᠬᠡᠷᠡᠭᠲᠡᠢ᠃      2. ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠨᠠᠭᠠᠳᠤᠮ ᠤᠨ ᠶᠡᠭᠡ ᠬᠤᠷᠠᠯ ᠤᠨ ᠬᠡᠷᠡᠭᠴᠡᠭᠡ ᠪᠣᠯᠣᠨ ᠪᠣᠳᠠᠲᠠᠢ ᠵᠠᠮ ᠬᠠᠷᠢᠯᠴᠠᠭᠠᠨ ᠤ ᠪᠠᠶᠢᠳᠠᠯ ᠢ ᠦᠨᠳᠦᠰᠦᠯᠡᠨ᠂ ᠡᠷᠭᠢᠨ ᠲᠣᠭᠤᠷᠢᠨ ᠤ ᠵᠠᠮ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠠᠭ ᠲᠤᠨᠢ ᠲᠣᠬᠢᠷᠠᠭᠤᠯᠵᠤ᠂ ᠪᠤᠶ ᠪᠦᠬᠦᠢ ᠲᠡᠷᠭᠡ ᠬᠥᠰᠬᠡ᠂ ᠶᠠᠪᠠᠭᠠᠨ ᠬᠥᠮᠥᠨ ᠵᠠᠮ ᠬᠠᠷᠢᠯᠴᠠᠭᠠᠨ ᠤ ᠴᠠᠭᠳᠠᠭ᠎ᠠ ᠪᠣᠯᠣᠨ ᠠᠵᠢᠯᠲᠠᠨ ᠤ ᠵᠢᠯᠣᠭᠤᠳᠤᠯᠭ᠎ᠠ ᠶᠢ ᠳᠠᠭᠠᠬᠤ ᠬᠡᠷᠡᠭᠲᠡᠢ᠃      3. ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠡᠳᠦᠷ ᠲᠤ ᠡᠷᠭᠢᠨ ᠲᠣᠭᠤᠷᠢᠨ ᠤ ᠬᠡᠰᠡᠭ ᠵᠠᠮ ᠨᠡᠪᠲᠡᠷᠡᠯᠭᠡ ᠨᠥᠯᠥᠭᠡᠯᠡᠭᠳᠡᠬᠦ ᠪᠣᠯᠬᠤᠷ ᠥᠷᠭᠡᠨ ᠣᠯᠠᠨ ᠲᠦᠮᠡᠨ ᠭᠠᠳᠠᠭᠰᠢ ᠶᠠᠪᠤᠬᠤ ᠴᠠᠭ ᠢᠶᠠᠨ ᠤᠷᠢᠳᠴᠢᠯᠠᠨ ᠲᠣᠬᠢᠷᠠᠭᠤᠯᠵᠤ᠂ ᠭᠠᠳᠠᠭᠰᠢ ᠶᠠᠪᠤᠬᠤ ᠵᠠᠮ ᠱᠤᠭᠤᠮ ᠢᠶᠠᠨ ᠲᠥᠯᠥᠪᠵᠢᠭᠦᠯᠵᠦ᠂ ᠠᠮᠤᠷ ᠲᠦᠪᠰᠢᠨ᠂ ᠪᠣᠯᠪᠠᠰᠤᠨ᠂ ᠡᠶ᠎ᠡ ᠵᠣᠬᠢᠴᠠᠯ  ᠲᠠᠢ᠂ ᠡᠮᠬᠢ ᠵᠢᠷᠤᠮ  ᠲᠠᠢ ᠨᠠᠭᠠᠳᠤᠮ ᠤᠨ ᠬᠤᠷᠠᠯ ᠡᠬᠢᠯᠡᠬᠦ ᠶᠣᠰᠣᠯᠠᠯ ᠤᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠬᠤ ᠶᠢ ᠬᠦᠰᠡᠵᠦ ᠪᠠᠶᠢᠨ᠎ᠠ᠃ ᠡᠬᠢᠯᠡᠯᠲᠡ ᠶᠢᠨ ᠶᠣᠰᠣᠯᠠᠯ ᠤᠨ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠨᠢ ᠥᠷᠭᠡᠨ ᠤᠯᠠᠨ ᠲᠦᠮᠡᠨ ᠤ ᠠᠵᠢᠯ᠂ ᠠᠮᠢᠳᠤᠷᠠᠯ ᠳᠤ ᠨᠥᠯᠦᠭᠡ ᠠᠪᠴᠢᠷᠠᠭᠰᠠᠨ ᠢ ᠣᠶᠢᠯᠠᠭᠠᠵᠤ ᠳᠡᠮᠵᠢᠬᠦ ᠪᠣᠯᠪᠠᠤ︕      ᠡᠭᠦᠨ ᠤ ᠲᠤᠯᠠ ᠣᠨᠴᠠᠭᠠᠶᠢᠯᠠᠨ ᠵᠠᠷᠯᠠᠪᠠ                     ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ                     ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ                      ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                       2023 ᠣᠨ 7 ᠰᠠᠷ᠎ᠠ ᠶᠢᠨ 24 ᠤ ᠡᠳᠦᠷ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号