ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ︽ᠭᠠᠴᠠᠭ᠎ᠠ ᠬᠤᠨᠳᠠᠭᠠᠳᠦ︾ ᠲᠠᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/7/4
      7 ᠰᠠᠷ᠎ᠠ1 ᠤ ᠡᠳᠦᠷ ᠠᠴᠠ7 ᠰᠠᠷ᠎ᠠ ᠶᠢᠨ2  ᠤᠨ ᠡᠳᠦᠷ ᠪᠤᠯᠳᠠᠯ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ︽ᠭᠠᠴᠠᠭ᠎ᠠ ᠬᠤᠨᠳᠠᠭᠠᠳᠦ︾ ᠲᠠᠪᠤᠨ ᠬᠦᠮᠦᠨ ᠤ ᠲᠦᠷᠢᠮᠳᠦ ᠬᠦᠯ ᠪᠦᠮᠪᠦᠭᠡ ᠶᠢᠨ ᠤᠷᠤᠯᠳᠤᠭᠠᠨ ᠪᠠᠳᠤᠬᠠᠭᠠᠯᠭ᠎ᠠ ᠶᠢᠨ ᠨᠠᠭᠠᠳᠤᠮ ᠰᠤᠶᠤᠯ ᠤᠨ ᠠᠵᠦ ᠦᠢᠯᠡᠰ ᠤᠨ ᠲᠤᠭᠤᠷᠢᠭ ᠤᠨ ᠬᠦᠯ ᠪᠦᠮᠪᠦᠭᠡ ᠶᠢᠨ ᠲᠠᠯᠠᠪᠤᠷ ᠲᠤ ᠠᠮᠵᠢᠯᠳᠠ ᠲᠠᠢ ᠶᠠᠪᠤᠭᠳᠠᠭᠰᠠᠨ ᠪᠠᠶᠢᠨ᠎ᠠ᠃      ᠲᠤᠰ ᠣᠳᠠᠭᠠᠨ ᠤ ᠤᠷᠤᠯᠳᠤᠭᠠᠨ ᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ᠂ ᠠᠵᠢᠯᠴᠢᠨ ᠤ ᠶᠡᠷᠦᠩᠭᠡᠢ ᠡᠪᠯᠡᠯ ᠠᠴᠠ ᠭᠤᠤᠯᠯᠠᠨ ᠡᠷᠬᠢᠯᠡᠪᠡ᠃
微信图片_20230704101741.jpg
      ᠤᠷᠤᠯᠳᠤᠭᠠᠨ ᠳᠤ᠂ ᠪᠠᠶ᠋ᠬᠠᠠᠤᠸᠠ ᠪᠠᠯᠭᠠᠰᠤ᠂ ᠪᠠᠳᠤᠬᠠᠭᠠᠯᠭ᠎ᠠ ᠪᠠᠯᠭᠠᠰᠤ᠂ ᠮᠠᠨᠳᠤᠯ ᠪᠠᠯᠭᠠᠰᠤ᠂ ᠴᠠᠭᠠᠨᠬᠠᠳᠠ ᠰᠤᠮᠤ᠂ ᠮᠢᠩᠭᠠᠨ ᠪᠠᠯᠭᠠᠰᠤ᠂ ᠲᠠᠷᠬᠠᠨ ᠰᠤᠮᠤ᠂ ᠮᠤᠩᠭᠤᠯ ᠦᠨᠳᠦᠰᠦᠳᠡᠨ ᠤ ᠰᠤᠷᠭᠠᠭᠤᠯᠢ ᠶᠢᠨ ᠪᠠᠭᠰᠢ ᠨᠠᠷ ᠤᠨ ᠲᠤᠭᠤᠶᠢᠯᠠᠩ᠂U38 ᠲᠤᠭᠤᠶᠢᠯᠠᠩ ᠵᠢᠴᠢ ᠰᠢᠨ᠎ᠡ ᠡᠨᠧᠷᠬᠢ ᠶᠢᠨ ᠠᠵᠦ ᠠᠬᠤᠶᠢᠯᠠᠯ ᠤᠨ ᠬᠤᠯᠪᠤᠭᠠᠯᠠᠭᠰᠠᠨ ᠲᠤᠭᠤᠶᠢᠯᠠᠩ ᠵᠡᠷᠭᠡ12 ᠲᠤᠭᠤᠶᠢᠯᠠᠩ ᠢᠳᠡᠪᠬᠢᠯᠡᠨ ᠤᠷᠤᠯᠴᠠᠵᠦ᠂ ᠪᠠᠶ᠋ᠬᠠᠠᠤᠸᠠ ᠪᠠᠯᠭᠠᠰᠣ᠂ ᠮᠢᠩᠭᠠᠨ ᠪᠠᠯᠭᠠᠰᠦ᠂ ᠴᠠᠭᠠᠨᠬᠠᠳᠠ ᠰᠤᠮᠤ ᠲᠤᠰ ᠪᠦᠷᠢ ᠨᠢᠭᠡ ᠬᠤᠶᠠᠷ ᠭᠤᠷᠪᠠᠳᠤᠭᠠᠷ ᠨᠡᠷᠡᠰ ᠲᠤ ᠲᠤᠳᠤᠷᠠᠭᠰᠠᠨ ᠪᠠᠶᠢᠨ᠎ᠠ᠃      ᠤᠷᠤᠯᠳᠤᠭᠠᠨ ᠨᠢ ᠲᠠᠮᠢᠷᠴᠢᠳ ᠤᠨ ᠲᠡᠰᠪᠦᠷᠢ ᠲᠠᠭᠠᠭᠠᠮᠠᠭᠠᠢ᠂ ᠨᠦᠬᠦᠷᠰᠡᠭ᠂ ᠪᠦᠯᠬᠦᠮᠳᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠪᠦᠬᠦ ᠬᠤᠰᠢᠭᠤᠨ ᠤ ᠦᠷᠭᠡᠨ ᠤᠯᠠᠨ ᠬᠦᠯ ᠪᠦᠮᠪᠦᠭᠡ ᠶᠢᠨ ᠪᠠᠭ᠋ᠠᠳᠠᠳ ᠢ ᠤᠷᠠᠮᠰᠢᠭᠤᠯᠤᠨ ᠵᠤᠷᠢᠭᠵᠢᠭᠤᠯᠵᠦ᠂ ᠠᠵᠢᠯ ᠤᠨ ᠴᠢᠯᠢᠭᠡᠨ ᠤ ᠠᠮᠢᠳᠤᠷᠠᠯ ᠢ ᠨᠢ ᠪᠠᠶᠠᠯᠢᠭᠵᠢᠭᠤᠯᠤᠨ᠂ ᠤᠯᠠᠨ ᠤ ᠬᠠᠷᠠᠭ᠎ᠠ ᠶᠢ ᠪᠠᠶᠠᠰᠬᠠᠭᠰᠠᠨ ᠰᠠᠶᠢᠬᠠᠨ ᠤᠷᠤᠯᠳᠤᠭᠠᠨ ᠪᠤᠯᠤᠭᠰᠠᠨ ᠢᠶᠠᠷ ᠪᠠᠷᠠᠬᠤ ᠦᠭᠡᠢ ᠮᠠᠨ ᠤ ᠬᠤᠰᠢᠭᠤᠨ ᠤ ᠪᠡᠶ᠎ᠡ ᠲᠠᠮᠢᠷ ᠤᠨ ᠠᠵᠢᠯ ᠦᠢᠯᠡᠰ ᠪᠠ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠰ ᠤᠨ ᠬᠦᠭᠵᠢᠯᠳᠡ ᠶᠢ ᠤᠯᠠᠮ ᠨᠢᠭᠡ ᠠᠯᠬᠤᠮ ᠠᠬᠢᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号