ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ2023 ᠤᠨ ᠤ ︽ᠬᠡᠥᠬᠡᠳ ᠪᠠᠭᠠᠴᠣᠳ ᠨᠠᠮ  ᠢᠶᠠᠨ ᠲᠠᠭᠠᠵᠦ ᠲᠤᠷᠨᠢᠨ᠂ ᠬᠦᠰᠡᠯ ᠤᠨ ᠵᠢᠭᠦᠷ ᠢᠶᠠᠨ ᠲᠡᠯᠬᠡᠨ ᠲᠡᠭᠦᠯᠢᠨᠡᠮ︾ ᠲᠡᠭᠦᠰᠬᠦ ᠶᠤᠰᠤᠯᠠᠯ ᠶᠠᠪᠤᠭᠳᠠᠯ᠎ᠠ
ᠨᠡᠶᠢᠲᠡᠯᠡᠭᠰᠡᠨ ᠴᠠᠭ᠄
2023/7/5
      ᠦᠩᠭᠡ ᠶᠢᠨ ᠴᠡᠴᠡᠭᠡᠰ ᠠᠯᠠᠭᠯᠠᠭᠰᠠᠨ ᠲᠡᠯᠭᠡᠷ ᠵᠤᠨ ᠤ ᠲᠤᠯᠤᠭᠠᠨ ᠰᠠᠷ᠎ᠠ ᠭᠡᠳᠡᠭ ᠲᠤᠷᠠᠳᠬᠠᠯ ᠲᠦᠭᠦᠷᠡᠩ ᠲᠡᠭᠦᠰᠬᠦ ᠮᠦᠴᠡ ᠶᠤᠮ᠃ ᠴᠡᠴᠡᠷᠯᠢᠭ ᠤᠨ ᠪᠢᠴᠢᠬᠠᠨ ᠪᠦᠥᠪᠡᠢ ᠨᠠᠷ ᠠᠴᠠ ᠶᠡᠭᠡ ᠰᠤᠷᠭᠠᠭᠤᠯᠢ ᠶᠢᠨ ᠤᠶᠤᠳᠠᠳ ᠬᠦᠷᠳᠡᠯ᠎ᠡ ᠲᠡᠭᠦᠰᠬᠦ ᠶᠤᠰᠤᠯᠠᠯ ᠢᠶᠠᠨ ᠭᠦᠢᠴᠡᠳᠭᠡᠵᠦ ᠰᠢᠨ᠎ᠡ ᠠᠶᠠᠨ ᠤ ᠵᠢᠯᠤᠭᠤ ᠪᠠᠨ ᠡᠬᠢᠯᠡᠭᠦᠯᠳᠡᠭ᠃7 ᠰᠠᠷ᠎ᠠ  ᠶᠢᠨ4 ᠤ ᠡᠳᠦᠷ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠤᠨ2023 ᠤᠨ ᠤ ︽ᠬᠡᠥᠬᠡᠳ ᠪᠠᠭᠠᠴᠤᠳ ᠮᠢᠨᠢ ᠨᠠᠮ ᠢᠶᠠᠨ ᠲᠠᠭᠠᠵᠦ ᠲᠤᠷᠨᠢᠨ᠂ ᠬᠦᠰᠡᠯ ᠤᠨ ᠵᠢᠭᠦᠷ  ᠢᠶᠠᠨ ᠲᠡᠯᠭᠡᠨ ᠲᠡᠭᠦᠯᠢᠨᠡᠮ︾ ᠲᠡᠭᠦᠰᠬᠦ ᠶᠤᠰᠤᠯᠠᠯ ᠴᠡᠴᠡᠷᠯᠢᠭ ᠤᠨ ᠬᠦᠷᠢᠶᠡᠨ ᠳᠤ ᠤᠳᠬ᠎ᠠ ᠲᠡᠭᠢᠯᠳᠡᠷ ᠶᠠᠪᠤᠭᠳᠠᠭᠰᠠᠨ ᠪᠠᠶᠢᠨ᠎ᠠ᠃
微信图片_20230707145205.jpg
      ᠶᠤᠰᠤᠯᠠᠯ ᠨᠢ ᠲᠡᠭᠦᠰᠬᠦ ᠤᠨ ᠤ ᠬᠡᠥᠬᠡᠳ ᠤᠳ ᠭᠡᠷ ᠤᠨ ᠠᠬᠠᠮᠠᠳ ᠲᠠᠢ ᠪᠠᠨ ᠬᠠᠮᠳᠤᠪᠠᠷ ᠦᠭᠡ ᠦᠯᠡᠳᠡᠭᠡᠬᠦ ᠰᠠᠮᠪᠠᠷ᠎ᠠ ᠲᠡᠭᠡᠷ᠎ᠡ ᠭᠠᠷ ᠤᠨ ᠦᠰᠦᠭ ᠵᠢᠷᠤᠵᠦ ᠶᠤᠰᠤᠯᠠᠯ ᠤᠨ ᠲᠠᠯᠠᠪᠤᠷ ᠲᠤ ᠤᠷᠤᠬᠤ ᠰᠠᠶᠢᠬᠠᠨ ᠠᠭᠤᠯᠭ᠎ᠠ ᠪᠠᠷ ᠡᠬᠢᠯᠡᠵᠦ᠂ ᠲᠡᠭᠦᠰᠬᠦ ᠤᠨ ᠤ ᠪᠠᠭᠰᠢ ᠨᠠᠷ ᠪᠤᠯᠤᠨ ᠪᠢᠴᠢᠬᠠᠨ ᠪᠦᠥᠪᠡᠢ ᠨᠠᠷ ᠤᠨ ᠰᠡᠳᠬᠢᠯ ᠲᠠᠯᠪᠢᠨ ᠪᠡᠯᠡᠳᠭᠡᠭᠰᠡᠨ ︽ᠲᠤᠮᠳᠠᠳᠦ ᠶᠢᠨ ᠬᠡᠥᠬᠡᠳ︾᠂ ︽ᠪᠠᠭᠰᠢ ᠡ᠂ ᠪᠠᠶᠠᠷᠯᠠᠯ᠎ᠠ︾᠂ ︽ᠪᠠᠶᠠᠰᠬᠤᠯᠠᠩᠳᠦ ᠲᠠᠯ᠎ᠠ ᠨᠤᠳᠤᠭ︾ ᠵᠡᠷᠭᠡ ᠰᠠᠶᠢᠬᠠᠨ ᠲᠤᠭᠯᠠᠯᠳᠠ ᠨᠢ ᠬᠦᠷᠦᠯᠴᠡᠨ ᠢᠷᠡᠭᠰᠡᠨ ᠭᠡᠷ ᠤᠨ ᠠᠬᠠᠮᠠᠳ᠂ ᠦᠵᠡᠵᠦ ᠰᠤᠨᠢᠷᠠᠬᠭᠰᠠᠨ ᠪᠦᠬᠦ ᠬᠦᠮᠦᠰ  ᠤᠨ ᠬᠠᠯᠠᠭᠤᠨ ᠠᠯᠠᠭ᠎ᠠ ᠲᠠᠰᠢᠯᠳᠠ᠂ ᠦᠨᠳᠦᠷ ᠦᠨᠡᠯᠡᠯᠳᠡ ᠶᠢ ᠤᠯᠤᠭᠰᠠᠨ ᠪᠠᠶᠢᠨ᠎ᠠ᠃ ᠭᠤᠷᠪᠠᠨ ᠵᠢᠯ ᠤᠨ ᠡᠮᠦᠨ᠎ᠡ ᠴᠡᠴᠡᠷᠯᠢᠭ ᠤᠨ ᠪᠠᠭ᠎ᠠ ᠠᠩᠭᠢ ᠳᠤ ᠢᠷᠡᠬᠦ ᠳᠡᠭᠡᠨ ᠨᠡᠷ᠎ᠡ ᠪᠠᠨ ᠴᠦ ᠲᠤᠳᠤ ᠬᠡᠯᠡᠵᠦ ᠴᠢᠳᠠᠬᠤ ᠦᠭᠡᠢ ᠪᠠᠶᠢᠭᠰᠠᠨ ᠤᠬᠢᠯᠠᠩᠬᠠᠢ ᠵᠢᠭᠠᠯ ᠤᠳ ᠮᠢᠨᠢ ᠲᠠᠭᠤᠤ ᠪᠦᠵᠢᠭ ᠲᠤ ᠠᠪᠢᠶᠠᠰ ᠲᠠᠢ ᠮᠤᠨᠳᠠᠭ ᠬᠡᠥᠬᠡᠳ ᠪᠤᠯᠵᠦ ᠬᠦᠮᠦᠵᠢᠭᠳᠡᠨ ᠪᠠᠭᠰᠢ ᠠᠬᠠᠮᠠᠳ ᠢᠶᠠᠨ ᠬᠦᠨᠳᠦᠯᠡᠳᠡᠭ ᠶᠤᠰᠤ ᠮᠤᠷᠠᠯ ᠲᠠᠢ ᠪᠭ᠎ᠠ ᠰᠤᠷᠭᠠᠭᠤᠯᠢ ᠶᠢᠨ ᠰᠤᠷᠤᠭᠴᠢ ᠪᠤᠯᠬᠤ ᠱᠠᠳᠤᠨ ᠳᠤ ᠤᠷᠤᠭᠰᠠᠨ ᠪᠠᠶᠢᠨ᠎ᠠ᠃      ᠡᠨᠡ ᠵᠢᠯ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠠᠴᠠ ᠶᠡᠷᠡ ᠰᠢᠬᠠᠭᠤ ᠪᠢᠴᠢᠬᠠᠨ ᠪᠦᠥᠪᠡᠢ ᠨᠠᠷ ᠲᠡᠭᠦᠰᠬᠦ ᠪᠤᠯᠤᠨ᠎ᠠ᠃ ᠮᠤᠩᠭᠤᠯ ᠦᠨᠳᠦᠰᠦᠳᠡᠨ ᠤ ᠬᠡᠥᠬᠡᠳ ᠤᠨ ᠴᠡᠴᠡᠷᠯᠢᠭ ᠨᠢ ᠡᠳᠡᠭᠡᠷ ᠪᠢᠴᠢᠬᠠᠨ ᠪᠦᠥᠪᠡᠢ ᠨᠠᠷ ᠲᠤ ᠪᠠᠨ ᠭᠤᠶᠤ ᠰᠠᠶᠢᠬᠠᠨ ᠲᠡᠭᠦᠰᠬᠦ ᠶᠤᠰᠤᠯᠠᠯ ᠵᠤᠬᠢᠶᠠᠨ ᠪᠠᠶᠢᠭᠤᠯᠵᠦ᠂ ᠬᠡᠥᠬᠡᠳ ᠤᠳ ᠤᠨ ᠴᠡᠴᠡᠷᠯᠢᠭ ᠨᠢ ᠡᠳᠡᠭᠡᠷ ᠪᠢᠴᠢᠬᠠᠨ ᠪᠦᠥᠪᠡᠢ ᠨᠠᠷ ᠲᠤ ᠪᠠᠨ ᠭᠤᠶᠤ ᠰᠠᠶᠢᠬᠠᠨ ᠲᠡᠭᠦᠰᠬᠦ ᠶᠤᠰᠤᠯᠠᠯ ᠵᠤᠬᠢᠶᠠᠨ ᠪᠠᠶᠢᠭᠤᠯᠵᠦ᠂ ᠬᠡᠥᠬᠡᠳ  ᠤᠳ ᠲᠡᠭᠡᠨ ᠮᠠᠷᠳᠠᠭᠳᠠᠰᠢ ᠦᠭᠡᠢ ᠲᠤᠷᠠᠳᠬᠠᠯ ᠦᠯᠡᠳᠡᠭᠡᠨ ᠰᠤᠷᠤᠯᠭ᠎ᠠ ᠠᠶᠠᠨ ᠤ ᠬᠢᠨᠢ ᠲᠦᠷᠦᠭᠡᠨ ᠳᠤ ᠰᠦ ᠡᠷᠭᠦᠨ ᠮᠤᠷᠳᠠᠭᠤᠯᠤᠯ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号