ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠦᠬᠡᠷᠬᠤᠳᠳᠤᠭ ᠪᠠᠯᠭᠠᠰᠤᠨ ᠤ ᠡᠯ ᠯᠢ ᠪᠠᠨ ᠲᠤᠰᠬᠤᠨ ᠤ ᠬᠠᠮᠳᠦ ᠶᠢᠨ ᠠᠵᠦ ᠠᠬᠤᠢ ᠠᠷᠠᠳ ᠤᠨ ᠤᠷᠤᠯᠭ᠎ᠠ ᠶᠢ ᠨᠡᠮᠡᠭᠳᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/7/7
      ᠡᠨᠡ ᠵᠢᠯ᠂ ᠦᠬᠡᠷᠬᠤᠳᠳᠤᠭ ᠪᠠᠯᠭᠠᠰᠤᠨ ᠤ ᠡᠯ ᠯᠢ ᠪᠠᠨ ᠲᠤᠰᠬᠤᠨ ᠤ ︽ᠬᠤᠶᠠᠷ ᠵᠦᠪᠯᠡᠯ︾ ᠰᠠᠨᠠᠭᠠᠴᠢᠯᠠᠭ᠎ᠠ ᠠᠴᠠ ᠪᠠᠨ ᠲᠦᠯᠦᠪᠵᠢᠭᠦᠯᠵᠦ᠂ ᠰᠤᠯᠠ ᠪᠠᠶᠢᠭ᠎ᠠ ᠬᠦᠯᠡᠮᠵᠢ ᠶᠢ ᠭᠦᠢᠴᠡᠳ ᠠᠰᠢᠭᠯᠠᠨ᠂ ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ ᠤᠨᠴᠠᠯᠢᠭᠳᠦ ᠬᠦᠵᠡᠯᠵᠡᠭᠡᠨ᠎ᠡ ᠶᠢᠨ ᠲᠠᠷᠢᠮᠠᠯ ᠢ ᠬᠦᠭᠵᠢᠭᠦᠯᠵᠦ᠂ ᠤᠳᠤ ᠪᠠᠶᠢᠭ᠎ᠠ ᠡᠬᠢ ᠪᠠᠶᠠᠯᠢᠭ ᠢ ᠭᠦᠢᠴᠡᠳ ᠠᠰᠢᠭᠯᠠᠨ᠂ ᠲᠤᠰᠬᠤᠨ ᠤ ᠬᠠᠮᠳᠦ ᠶᠢᠨ ᠠᠵᠦ ᠠᠬᠤᠢ ᠶᠢ ᠪᠤᠵᠠᠭᠠᠶᠢᠷᠠᠭᠤᠯᠵᠦ ᠪᠠᠶᠢᠨ᠎ᠠ᠃      ᠤᠳᠤ ᠬᠦᠵᠡᠯᠵᠡᠭᠡᠨ᠎ᠡ ᠲᠡᠭᠦᠭᠦ ᠬᠦᠷᠢᠶᠡᠯᠡᠩ ᠳᠤ ᠨᠢᠭᠡᠨᠳᠡ3 ᠬᠦᠯᠡᠮᠵᠢ ᠪᠠᠶᠢᠭᠤᠯᠵᠦ᠂ ᠬᠦᠵᠡᠯᠵᠡᠭᠡᠨ᠎ᠡ ᠲᠠᠷᠢᠬᠤ ᠠᠴᠠ ᠡᠮᠦᠨ᠎ᠡ ᠡᠳᠡᠭᠡᠷ ᠬᠦᠯᠡᠮᠵᠢ ᠶᠢ ᠭᠤᠤᠯᠳᠠᠭᠤ ᠢᠳᠡᠰᠢᠨ ᠨᠤᠭᠤᠭ᠎ᠠ ᠲᠠᠷᠢᠬᠤ ᠳᠤ ᠬᠡᠷᠡᠭᠯᠡᠵᠦ ᠪᠤᠢ᠃ ᠤᠯᠠᠨ ᠲᠠᠯ᠎ᠠ ᠪᠠᠷ ᠰᠢᠨᠵᠢᠯᠡᠨ ᠪᠠᠶᠢᠴᠠᠭᠠᠵᠦ᠂ ᠰᠤᠷᠤᠯᠴᠠᠬᠤ ᠪᠠᠷ ᠲᠠᠮᠵᠢᠨ ᠲᠤᠰᠬᠤᠨ ᠤ ᠬᠢᠨ ᠡᠳᠡᠭᠡᠷ ᠬᠦᠯᠡᠮᠵᠢ ᠳᠤ ᠬᠦᠵᠡᠯᠵᠡᠭᠡᠨ᠎ᠡ ᠲᠠᠷᠢᠵᠦ ᠡᠬᠢᠯᠡᠨ᠂ ᠤᠳᠤ ᠬᠦᠯᠡᠮᠵᠢ ᠳᠤ ᠲᠦᠷᠪᠡᠨ ᠤᠯᠠᠷᠢᠯ ᠤᠨ ᠰᠢᠯᠢᠳᠡᠭ ᠬᠦᠵᠡᠯᠵᠡᠭᠡᠨ᠎ᠡ  ᠶᠢ30000 ᠭᠠᠷᠤᠢ ᠲᠠᠷᠢᠵᠠᠢ᠃ ᠬᠦᠵᠡᠯᠵᠡᠭᠡᠨ᠎ᠡ ᠲᠡᠭᠦᠭᠦ ᠬᠦᠷᠢᠶᠡᠯᠡᠩ ᠤᠨ ᠪᠦᠳᠦᠭᠡᠨ ᠪᠠᠶᠢᠭᠤᠯᠤᠯᠳᠠ ᠨᠢ ᠲᠤᠰᠬᠤᠨ ᠤ ᠬᠠᠮᠳᠦ ᠶᠢᠨ ᠠᠵᠦ ᠠᠬᠤᠢ ᠶᠢ ᠪᠠᠵᠠᠭᠠᠶᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠤᠰᠬᠤᠨ ᠤ ᠠᠷᠠᠳ ᠤᠨ ᠠᠵᠢᠯ ᠤᠯᠳᠠᠬᠤ ᠦᠭᠡᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠡᠳᠡᠨ ᠤ ᠤᠷᠤᠯᠭ᠎ᠠ ᠪᠠᠨ ᠨᠡᠮᠡᠭᠳᠡᠭᠦᠯᠬᠦ ᠳᠤ ᠰᠠᠶᠢᠨ ᠨᠦᠬᠦᠴᠡᠯ ᠬᠠᠩᠭᠠᠭᠰᠠᠨ ᠪᠠᠶᠢᠨ᠎ᠠ᠃
微信图片_20230707144919.jpg
      ᠤᠶᠢᠷ᠎ᠠ ᠶᠢᠨ ᠵᠢᠯ ᠠᠴᠠ ᠨᠠᠭᠠᠰᠢ᠂ ᠡᠯ ᠯᠢ ᠪᠠᠨ ᠲᠤᠰᠬᠤᠨ ᠨᠠᠮ ᠤᠨ ᠪᠠᠶᠢᠭᠤᠯᠤᠯᠳᠠ ᠪᠠᠷ ᠬᠦᠳᠦᠯᠦᠨ ᠲᠠᠭᠠᠭᠤᠯᠬᠤ ᠶᠢ ᠪᠠᠷᠢᠮᠳᠠᠯᠠᠵᠦ᠂ ᠬᠦᠳᠡᠭᠡ ᠲᠤᠰᠬᠤᠨ ᠤ ᠠᠵᠦ ᠠᠬᠤᠢ ᠶᠢ ᠬᠦᠭᠵᠢᠭᠦᠯᠦᠨ ᠮᠠᠨᠳᠤᠭᠤᠯᠬᠤ ᠪᠠᠷ ᠭᠠᠷᠳᠠᠴᠠ ᠪᠤᠯᠭᠠᠵᠦ᠂ ᠤᠳᠤ ᠪᠠᠶᠢᠭ᠎ᠠ ᠡᠬᠢ ᠪᠠᠶᠠᠯᠢᠭ ᠢ ᠠᠮᠢᠯᠠᠭᠤᠯᠬᠤ ᠪᠠᠷ ᠬᠦᠴᠦᠯᠡᠵᠦ᠂ ︽ᠨᠢᠭᠡ ᠲᠤᠰᠬᠤᠨ ᠨᠢᠭᠡ ᠪᠦᠳᠦᠭᠡᠭᠳᠡᠭᠦᠨ︾ ᠤ ᠠᠵᠦ ᠦᠢᠯᠡᠰ ᠤᠨ ᠪᠠᠶᠢᠷᠢᠯᠠᠭᠤᠯᠤᠯᠳᠠ ᠪᠠᠷ ︽ᠨᠠᠮ ᠤᠨ ᠡᠭᠦᠷ᠂ ᠬᠤᠷᠰᠢᠶᠠᠵᠢᠯ᠂ ᠲᠠᠷᠢᠶᠠᠴᠢᠨ ᠡᠷᠦᠬᠡ︾ ᠬᠤᠯᠪᠤᠭᠠᠯᠠᠬᠤ ᠡᠵᠡᠩᠨᠡᠯᠳᠡ ᠶᠢᠨ ᠵᠠᠭᠪᠤᠷ ᠢᠶᠠᠷ ᠬᠦᠵᠡᠯᠵᠡᠭᠡᠨ᠎ᠡ ᠲᠠᠷᠢᠬᠤ ᠤᠨᠴᠠᠯᠢᠭᠳᠦ ᠠᠵᠦ ᠦᠢᠯᠡᠰ ᠢ ᠬᠦᠭᠵᠢᠭᠦᠯᠵᠦ᠂ ᠲᠤᠰᠬᠤᠨ ᠤ ᠠᠷᠠᠳ ᠤᠨ ᠤᠷᠤᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠬᠦ ᠠᠷᠭ᠎ᠠ ᠵᠠᠮ ᠢ ᠦᠷᠭᠡᠳᠭᠡᠵᠦ᠂ ᠬᠦᠳᠡᠭᠡ ᠲᠤᠰᠬᠤᠨ ᠤ ᠠᠵᠦ ᠠᠬᠤᠢ ᠶᠢᠨ ᠤᠯᠠᠨ ᠡᠰᠢᠴᠢᠯᠡᠭᠰᠡᠨ ᠬᠦᠭᠵᠢᠯᠳᠡ ᠶᠢ ᠬᠦᠳᠦᠯᠦᠨ ᠲᠠᠭᠠᠭᠤᠯᠵᠦ ᠲᠠᠶᠢᠴᠢᠯᠠᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠵᠠᠢ᠃      ᠡᠯ ᠯᠢ ᠪᠠᠨ ᠲᠤᠰᠬᠤᠨ ᠤ ᠬᠦᠵᠡᠯᠵᠡᠭᠡᠨ᠎ᠡ ᠶᠢᠨ ᠲᠠᠷᠢᠮᠠᠯ ᠤᠨ ᠲᠦᠷᠦᠯ ᠵᠦᠢᠯ ᠪᠤᠯ ᠦᠬᠡᠷᠬᠤᠳᠳᠤᠭ ᠪᠠᠯᠭᠠᠰᠤᠨ ᠤ ᠲᠤᠰᠬᠤᠨ ᠤ ᠬᠠᠮᠳᠦ ᠶᠢᠨ ᠠᠵᠦ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠬᠤ ᠶᠢ ᠬᠠᠶᠢᠨ ᠰᠦᠪᠡᠭᠴᠢᠯᠡᠭᠰᠡᠨ ᠤ ᠬᠤᠷᠢᠶᠠᠩᠭᠤᠢ ᠲᠦᠷᠰᠦ ᠪᠤᠯᠤᠨ᠎ᠠ᠃ ᠲᠠᠷᠠᠭᠠᠴᠢ ᠶᠢᠨ ᠠᠯᠬᠤᠮ ᠳᠤ᠂ ᠡᠯ ᠯᠢ ᠪᠠᠨ ᠲᠤᠰᠬᠤᠨ ᠦᠷᠭᠦᠯᠵᠢᠯᠡᠨ ᠬᠦᠳᠦᠯᠦᠨ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠦ᠂ ᠰᠠᠨᠠᠭᠠᠴᠢᠯᠠᠭ᠎ᠠ ᠠᠴᠠ ᠪᠠᠨ ᠲᠤᠰᠬᠤᠨ  ᠤ ᠬᠠᠮᠳᠦ ᠶᠢᠨ ᠠᠵᠦ ᠠᠬᠤᠢ ᠶᠢᠨ ᠬᠦᠭᠵᠢᠯᠳᠡ ᠳᠤ ᠭᠠᠷᠬᠤ ᠵᠠᠮ ᠡᠷᠢᠯᠬᠢᠯᠡᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠬᠦᠳᠡᠭᠡ ᠠᠵᠦ ᠠᠬᠤᠢ ᠶᠢᠨ ᠬᠦᠭᠵᠢᠯᠳᠡ ᠶᠢ ᠠᠬᠢᠭᠤᠯᠬᠤ ᠶᠠᠪᠤᠴᠠ ᠳᠤ ᠲᠤᠰᠬᠤᠨ  ᠤ ᠠᠷᠠᠳ ᠤᠨ ᠢᠶᠠᠨ ᠠᠳᠠᠯ ᠠᠮᠢᠳᠤᠷᠠᠯ᠂ ᠠᠵᠢ ᠦᠢᠯᠡᠰ ᠤᠨ ᠦᠭᠡᠳᠡᠯᠡᠨ ᠲᠠᠪᠰᠢᠬᠤ ᠤᠷᠮ᠎ᠠ ᠰᠡᠳᠬᠢᠯ ᠢ ᠤᠯᠠᠮ ᠪᠠᠳᠠᠷᠠᠭᠤᠯᠬᠤ ᠪᠠᠷ ᠬᠦᠴᠦᠯᠡᠨ ᠴᠢᠷᠮᠠᠶᠢᠬᠤ ᠪᠤᠯᠤᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号