7 ᠰᠠᠷ᠎ᠠ ᠶᠢᠨ6 ᠤ ᠡᠳᠦᠷ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠨᠠᠮ ᠤᠨ ᠬᠤᠷᠢᠶᠠᠨ ᠤ | ᠵᠤᠬᠢᠶᠠᠨ ᠪᠠᠶᠢᠭᠤᠯᠬᠤ ᠬᠡᠯᠳᠡᠰ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠦᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠪᠠᠳᠤᠬᠠᠭᠠᠯᠭ᠎ᠠ ᠶᠢᠨ ᠲᠤᠮᠳᠠᠳᠦ ᠰᠤᠷᠭᠠᠭᠤᠯᠢ ᠳᠤ ᠠᠵᠦ | ᠠᠬᠤᠶᠢᠯᠠᠯ ᠤᠨ ᠰᠤᠷᠭᠠᠭᠤᠯᠢ ᠶᠢᠨ ᠬᠦᠷᠢᠶᠡᠨ ᠤ ᠲᠠᠨᠢᠯᠴᠠᠭᠤᠯᠭ᠎ᠠ ᠶᠢᠨ ᠬᠤᠷᠠᠯ ᠡᠷᠬᠢᠯᠡᠪᠡ᠃ | | | ᠲᠠᠨᠢᠯᠴᠠᠭᠤᠯᠭ᠎ᠠ ᠶᠢᠨ ᠬᠤᠷᠠᠯ ᠤᠨ ᠠᠬᠤᠢ ᠲᠠᠯᠠᠪᠠᠢ ᠳᠤ᠂ ᠬᠤᠷᠠᠯ ᠳᠤ ᠤᠷᠤᠯᠴᠠᠭᠰᠠᠨ ᠡᠯ᠎ᠡ ᠠᠵᠦ | ᠠᠬᠤᠶᠢᠯᠠᠯ ᠤᠬᠠᠭᠤᠯᠭ᠎ᠠ ᠶᠢᠨ ᠭᠠᠷ ᠲᠡᠪᠳᠡᠷ ᠲᠠᠷᠬᠠᠭᠠᠬᠤ᠂ ᠠᠰᠠᠭᠤᠯᠳᠠ ᠬᠠᠷᠢᠭᠤᠯᠬᠤ ᠵᠡᠷᠭᠡ ᠠᠷᠭ᠎ᠠ ᠮᠠᠶ᠋ᠢᠭ ᠢᠶᠠᠷ | ᠲᠤᠰ ᠲᠤᠰ ᠤᠨ ᠠᠵᠦ ᠠᠬᠤᠶᠢᠯᠠᠯ ᠤᠨ ᠦᠨᠳᠦᠰᠦᠨ ᠪᠠᠶᠢᠳᠠᠯ᠂ ᠬᠦᠮᠦᠨ ᠬᠡᠷᠡᠭᠯᠡᠬᠦ ᠬᠡᠷᠡᠭᠴᠡᠭᠡ ᠵᠡᠷᠭᠡ ᠪᠠᠨ | ᠲᠠᠨᠢᠯᠴᠭᠤᠯᠬᠤ ᠶᠢᠨ ᠬᠠᠮᠳᠦ ᠪᠠᠰᠠ ᠰᠤᠷᠤᠭᠴᠢᠳ ᠢ ᠤᠷᠢᠵᠦ ᠠᠵᠦ ᠠᠬᠤᠶᠢᠯᠠᠯ ᠤᠨ ᠢᠶᠠᠨ ᠠᠬᠤᠢ ᠲᠠᠯᠠᠪᠠᠢ ᠪᠠᠷ | ᠲᠤᠭᠤᠷᠢᠨ ᠦᠵᠡᠭᠦᠯᠵᠦ᠂ ᠲᠠᠳᠤᠯᠭ᠎ᠠ ᠬᠢᠯᠭᠡᠵᠦ᠂ ᠠᠵᠢᠯ ᠳᠤ ᠤᠷᠤᠯᠴᠠᠭᠤᠯᠬᠤ ᠲᠦᠯᠦᠪᠯᠡᠭᠡ ᠪᠠᠨ ᠲᠠᠨᠢᠯᠴᠠᠭᠤᠯᠵᠠᠢ | ᠃ ᠪᠠᠳᠤᠬᠠᠭᠠᠯᠭ᠎ᠠ ᠶᠢᠨ ᠲᠤᠮᠳᠠᠳᠦ ᠰᠤᠷᠭᠠᠭᠤᠯᠢ᠂ ᠪᠤᠭᠤᠳᠦ ᠶᠢᠨ ᠮᠠᠰᠢᠨ ᠴᠠᠬᠢᠯᠭᠠᠨ ᠤ ᠰᠤᠷᠭᠠᠭᠤᠯᠢ ᠵᠡᠷᠭᠡ | ᠪᠠᠶᠢᠭᠤᠯᠭ᠎ᠠ ᠴᠦ ᠲᠤᠰ ᠲᠤᠰ ᠤᠨ ᠰᠤᠷᠭᠠᠭᠤᠯᠢ ᠶᠢᠨ ᠢᠶᠠᠨ ᠰᠤᠷᠤᠭᠴᠢ ᠡᠯᠰᠡᠬᠦ ᠲᠦᠯᠦᠪᠯᠡᠭᠡ ᠪᠤᠯᠤᠨ ᠲᠠᠪᠠᠭᠤᠯᠢᠭ | ᠲᠠᠯ᠎ᠠ ᠪᠠᠨ ᠨᠠᠷᠢᠨ ᠲᠠᠨᠢᠯᠴᠠᠭᠤᠯᠵᠠᠢ᠃ ᠰᠤᠷᠤᠭᠴᠢ ᠪᠤᠯᠤᠨ ᠭᠡᠷ ᠤᠨ ᠠᠬᠠᠮᠠᠳ ᠡᠯ᠎ᠡ ᠠᠵᠦ ᠠᠬᠤᠶᠢᠯᠠᠯ ᠤᠨ | ᠬᠠᠷᠢᠭᠤᠴᠠᠯᠭᠠᠳᠠᠨ ᠲᠠᠢ ᠨᠢᠭᠤᠷᠳᠠᠨ ᠶᠠᠷᠢᠯᠴᠠᠵᠦ᠂ ᠡᠯ᠎ᠡ ᠠᠵᠦ ᠠᠬᠤᠶᠢᠯᠠᠯ ᠤᠨ ᠲᠤᠰ ᠪᠡᠶ᠎ᠡ ᠶᠢᠨ ᠲᠠᠪᠠᠭᠤᠯᠢᠭ᠂ | ᠬᠦᠭᠵᠢᠯᠳᠡ ᠶᠢᠨ ᠲᠦᠯᠦᠪ ᠵᠡᠷᠭᠡ ᠪᠠᠶᠢᠳᠠᠯ ᠤᠨ ᠮᠡᠳᠡᠭᠡ ᠵᠡᠩᠭᠢ ᠶᠢ ᠨᠠᠷᠢᠨ ᠤᠶᠢᠯᠠᠭᠠᠭᠰᠠᠨ ᠪᠠᠶᠢᠨ᠎ᠠ᠃ | ᠤᠶᠢᠯᠠᠭᠠᠭᠰᠠᠨ ᠢᠶᠠᠷ᠂ ᠲᠤᠰ ᠣᠳᠠᠭᠠᠨ ᠤ ᠠᠵᠢᠯᠯᠠᠭ᠎ᠠ ᠳᠤ ᠵᠢᠩ ᠤᠤ ᠲᠠᠷᠬᠠᠨ ᠮᠤᠤᠮᠢᠩᠭᠠᠨ ᠤ ᠰᠢᠨ᠎ᠡ | ᠡᠨᠧᠷᠬᠢ ᠶᠢᠨ ᠬᠢᠵᠠᠭᠠᠷᠳᠦ ᠺᠤᠮᠫᠠᠨᠢ ᠶᠢ ᠪᠠᠭᠳᠠᠭᠠᠭᠰᠠᠨ5 ᠲᠤᠮᠤ ᠬᠡᠯᠪᠡᠷᠢ ᠶᠢᠨ ᠠᠵᠦ ᠠᠬᠤᠶᠢᠯᠠᠯ ᠤᠷᠤᠯᠴᠠᠵᠦ᠂ | ᠮᠠᠨ ᠤ ᠬᠤᠰᠢᠭᠤᠨ ᠳᠤ ᠰᠤᠤᠷᠤᠭᠴᠢᠳ ᠤᠨ ᠨᠡᠷ᠎ᠡ ᠮᠡᠳᠡᠭᠦᠯᠬᠦ ᠴᠢᠭᠯᠡᠯ ᠳᠤ ᠬᠠᠨᠳᠤᠭᠤᠯᠤᠨ ᠰᠢᠨ᠎ᠡ ᠡᠨᠧᠷᠬᠢ᠂ | ᠦᠢᠯᠡᠴᠢᠯᠡᠭᠡ᠂ ᠡᠮ ᠡᠮᠨᠡᠯᠭᠡ ᠵᠡᠷᠭᠡ ᠤᠯᠠᠨ ᠶᠠᠩᠵᠦ ᠶᠢᠨ ᠰᠤᠩᠭᠤᠯᠳᠠ ᠬᠠᠩᠭᠠᠭᠰᠠᠨ ᠪᠠᠶᠢᠨ᠎ᠠ᠃ | | | | | | | | |