ᠮᠠᠨ ᠤ ᠬᠤᠰᠢᠭᠤ ᠮᠤᠩᠭᠤᠯ ᠬᠡᠯᠡ ᠰᠤᠷᠬᠤ ᠪᠤᠯᠪᠠᠰᠤᠷᠠᠯ ᠤᠨ ᠠᠩᠭᠢ ᠡᠷᠬᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/7/8
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠲᠡᠯᠭᠡᠷᠡᠭᠦᠯᠵᠦ᠂ ᠴᠦᠬᠡᠨ ᠲᠤᠭᠠᠳᠦ ᠦᠨᠳᠦᠰᠦᠳᠡᠨ ᠤ ᠬᠠᠮᠳᠦ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠵᠦ᠂ ᠦᠨᠳᠦᠰᠦᠳᠡᠨ ᠤ ᠪᠦᠯᠬᠦᠮᠳᠡᠯ᠂ ᠨᠡᠶᠢᠭᠡᠮ ᠤᠨ ᠡᠶ᠎ᠡ ᠵᠤᠬᠢᠴᠠᠯ᠂ ᠬᠢᠯᠢ ᠬᠢᠵᠠᠭᠠᠷ ᠤᠨ ᠲᠤᠭᠳᠠᠭᠤᠨ ᠪᠠᠶᠢᠳᠠᠯ ᠢ ᠠᠬᠢᠭᠤᠯᠬᠤ ᠶᠢᠨ ᠲᠦᠯᠦᠭᠡ ᠮᠠᠨ ᠤ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠤᠬᠠᠭᠤᠯᠬᠤ ᠬᠡᠯᠳᠡᠰ᠂ ᠨᠢᠭᠡᠳᠦᠮᠡᠯ ᠹᠷᠤᠨᠲ ᠤᠨ ᠬᠡᠯᠳᠡᠰ᠂ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠬᠠᠮᠳᠤᠷᠠᠨ7 ᠰᠠᠷ᠎ᠠ ᠶᠢᠨ6 ᠤ ᠤᠷᠤᠢ᠂ ᠬᠤᠰᠢᠭᠤᠨ ᠤ ᠨᠠᠮ ᠤᠨ ᠰᠤᠷᠭᠠᠭᠤᠯᠢ ᠶᠢᠨ ᠬᠤᠶᠠᠳᠤᠭᠠᠷ ᠲᠠᠪᠬᠤᠷ ᠤᠨ ᠬᠤᠷᠠᠯ ᠤᠨ ᠭᠡᠷ ᠲᠤ ᠮᠤᠩᠭᠤᠯ ᠬᠡᠯᠡ ᠰᠤᠷᠬᠤ ᠪᠤᠯᠪᠠᠰᠤᠷᠠᠯ ᠤᠨ ᠠᠩᠭᠢ ᠡᠷᠬᠢᠯᠡᠭᠰᠡᠨ ᠪᠠᠶᠢᠨ᠎ᠠ᠃
微信图片_20230710085319.jpg
      ᠡᠯ᠎ᠡ ᠰᠤᠮᠤ ᠰᠢᠶᠠᠩ ᠪᠠᠯᠭᠠᠰᠤᠨ ᠤ ᠺᠠᠳ᠋ᠷ ᠠᠵᠢᠯᠳᠠᠳ ᠲᠠᠪᠢ ᠰᠢᠬᠠᠭᠤ ᠬᠦᠮᠦᠨ ᠲᠤᠰ ᠣᠳᠠᠭᠠᠨ ᠤ ᠪᠤᠯᠪᠠᠰᠤᠷᠠᠯ ᠳᠤ ᠤᠷᠤᠯᠴᠠᠵᠦ ᠪᠤᠯᠪᠠᠰᠤᠷᠠᠯ ᠨᠢ ᠮᠤᠩᠭᠤᠯ ᠬᠡᠯᠡᠨ ᠤ ᠪᠠᠭᠰᠢ ᠠᠴᠠ ᠲᠠᠶᠢᠯᠤᠮᠵᠢ ᠬᠢᠬᠦ ᠪᠠ ᠦᠢᠯᠡᠳᠦᠯᠭᠡ ᠶᠢᠨ ᠬᠢᠴᠢᠶᠡᠯ ᠢ ᠤᠶᠠᠯᠳᠤᠭᠤᠯᠤᠨ ᠶᠠᠷᠢᠶᠠᠨ ᠤ ᠬᠡᠯᠡ ᠶᠢ ᠶᠠᠷᠢᠵᠦ ᠰᠤᠷᠬᠤ᠂ ᠲᠦᠪᠯᠡᠷᠡᠭᠦᠯᠦᠨ ᠪᠤᠯᠪᠠᠰᠤᠷᠠᠭᠤᠯᠬᠤ ᠵᠡᠷᠭᠡ ᠤᠯᠠᠨ ᠬᠡᠯᠪᠡᠷᠢ ᠪᠠᠷ ᠬᠢᠴᠢᠶᠡᠯᠡᠯᠭᠡ ᠬᠢᠵᠡᠢ᠃ ᠲᠤᠰ ᠪᠤᠯᠪᠠᠰᠤᠷᠠᠯ ᠤᠨ ᠠᠩᠭᠢ ᠨᠢ2023 ᠤᠨ ᠤ7 ᠰᠠᠷ᠎ᠠ ᠶᠢᠨ6 ᠤ ᠡᠳᠦᠷ ᠠᠴᠠ2024 ᠤᠨ ᠤ1 ᠰᠠᠷ᠎ᠠ ᠶᠢᠨ30 ᠤ ᠡᠳᠦᠷ ᠪᠤᠯᠳᠠᠯ᠎ᠠ ᠶᠠᠪᠤᠭᠳᠠᠵᠦ᠂ ᠭᠠᠷᠠᠭ ᠪᠦᠷᠢ ᠶᠢᠨ ᠲᠦᠷᠪᠡᠨ ᠤ ᠤᠷᠤᠢ ᠨᠢᠭᠡ ᠬᠢᠴᠢᠶᠠᠯ ᠤᠷᠤᠬᠤ ᠪᠠᠷ ᠲᠦᠯᠦᠪᠯᠡᠵᠦ ᠪᠠᠶᠢᠨ᠎ᠠ᠃      ᠡᠨᠡᠬᠦ ᠮᠤᠩᠭᠤᠯ ᠬᠡᠯᠡ ᠰᠤᠷᠬᠤ ᠪᠤᠯᠪᠠᠰᠤᠷᠠᠯ ᠤᠨ ᠠᠩᠭᠢ ᠨᠢ ᠮᠠᠨ ᠤ ᠬᠤᠰᠢᠭᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠦᠮᠦᠵᠢᠯ ᠤᠨ ᠠᠵᠢᠯ ᠢ ᠨᠡᠩ ᠴᠢᠩᠭᠠᠳᠬᠠᠬᠤ᠂ ᠦᠨᠳᠦᠰᠦᠳᠡᠨ  ᠨᠦᠭᠦᠳ ᠤᠨ ᠺᠠᠳ᠋ᠷ ᠤᠯᠠᠨ ᠲᠦᠮᠡᠨ ᠤ ᠦᠭᠡ ᠬᠡᠯᠡ ᠦᠰᠦᠭ ᠪᠢᠴᠢᠭ ᠢᠶᠠᠨ ᠬᠠᠷᠢᠯᠴᠠᠨ ᠰᠤᠷᠤᠯᠴᠠᠬᠤ ᠶᠢ ᠵᠤᠷᠢᠭᠵᠢᠭᠤᠯᠬᠤ᠂ ᠦᠨᠳᠦᠰᠦᠳᠡᠨ ᠨᠦᠭᠦᠳ ᠤᠨ ᠬᠠᠷᠢᠯᠴᠠᠭ᠎ᠠ ᠶᠠᠪᠤᠯᠴᠠᠭ᠎ᠠ ᠶᠢ ᠤᠯᠠᠮ ᠨᠢᠭᠡ ᠠᠯᠬᠤᠮ ᠠᠬᠢᠭᠤᠯᠤᠨ᠂ ᠺᠠᠳ᠋ᠷ ᠤᠯᠠᠨ ᠲᠦᠮᠡᠨ ᠤ ᠮᠤᠩᠭᠤᠯ ᠬᠡᠯᠡᠨ ᠤ ᠶᠠᠷᠢᠯᠴᠠᠭᠠᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠤᠭᠤᠷᠤᠨᠳᠤᠬᠢ ᠬᠠᠷᠢᠯᠴᠠᠭ᠎ᠠ ᠶᠠᠪᠤᠯᠴᠠᠭ᠎ᠠ ᠶᠢ ᠠᠬᠢᠭᠤᠯᠤᠨ ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠤᠯᠠᠮ ᠨᠢᠭᠡ ᠠᠯᠬᠤᠮ ᠠᠬᠢᠭᠤᠯᠬᠤ ᠳᠤ ᠪᠠᠳᠤ ᠪᠠᠬᠢ ᠰᠠᠭᠤᠷᠢ ᠲᠠᠯᠪᠢᠵᠦ ᠪᠠᠶᠢᠨ᠎ᠠ᠃
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号