ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠵᠢᠭᠤᠯᠴᠢᠯᠠᠯ ᠤᠨ ᠵᠠᠬ᠎ᠠ ᠲᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2023/8/1
       ᠡᠯ᠎ᠡ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠵᠡᠩᠨᠡᠭᠴᠢ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠢᠴᠢ ᠬᠠᠮᠢᠶ᠎ᠠ ᠪᠦᠬᠦᠢ ᠨᠢᠭᠡᠴᠡ ᠳᠤ᠄      ᠮᠠᠨ ᠤ ᠬᠤᠰᠢᠭᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠡᠷᠬᠡ ᠲᠡᠭᠰᠢ ᠥᠷᠢᠰᠦᠯᠳᠦᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠦᠨᠡᠨᠴᠢ ᠢᠲᠡᠭᠡᠮᠵᠢᠲᠡᠢ ᠡᠶ᠎ᠡ ᠵᠣᠬᠢᠴᠠᠯ ᠲᠠᠢ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠮᠠᠨ ᠤ ᠬᠤᠰᠢᠭᠤᠨ ᠤ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠡᠳᠦᠭᠡ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠬᠤ ᠪᠠᠷ ᠣᠨᠴᠠᠭᠠᠶᠢᠯᠠᠨ ᠵᠠᠷᠯᠠᠶ᠎ᠠ᠄      ᠨᠢᠭᠡ᠂ ᠡᠯ᠎ᠡ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠵᠡᠩᠨᠡᠭᠴᠢ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠢᠴᠢ ᠬᠠᠮᠢᠶ᠎ᠠ ᠪᠦᠬᠦᠢ ᠨᠢᠭᠡᠴᠡ ᠨᠦᠭᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠦᠢ ᠪᠤᠰᠤ ᠥᠷᠢᠰᠦᠯᠳᠦᠭᠡᠨ ᠢ ᠡᠰᠡᠷᠭᠦᠴᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠦᠨ᠎ᠡ ᠬᠠᠩᠰᠢ ᠶᠢ ᠢᠯᠡ ᠬᠠᠳᠠᠬᠤ ᠪᠠ ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠲᠣᠭᠲᠠᠭᠠᠯ︾ ︽ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠢᠷᠤᠮᠵᠢᠭᠤᠯᠬᠤ ᠲᠦᠷ ᠬᠡᠷᠡᠭᠵᠢᠭᠦᠯᠬᠦ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠢ᠃ ᠦᠨᠡᠨᠴᠢ ᠢᠲᠡᠭᠡᠮᠵᠢᠲᠡᠢ ᠪᠠᠶᠢᠵᠤ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠵᠦ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠪᠠ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠎ᠡ᠃      ᠬᠤᠶᠠᠷ᠂ ᠡᠯ᠎ᠡ ᠵᠢᠭᠤᠯᠴᠢᠯᠠᠯ ᠤᠨ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠡᠵᠡᠩᠨᠡᠭᠴᠢ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠢᠴᠢ ᠬᠠᠮᠢᠶ᠎ᠠ ᠪᠦᠬᠦᠢ ᠨᠢᠭᠡᠴᠡ ᠨᠦᠭᠦᠳ ᠲᠠᠸᠠᠷ ᠪᠣᠷᠣᠯᠠᠭᠤᠯᠬᠤ ᠪᠠ ᠦᠢᠯᠡᠴᠢᠯᠡᠭᠡ ᠬᠠᠩᠭᠠᠬᠤ ᠳᠠᠭᠠᠨ᠂ ᠦᠨ᠎ᠡ ᠬᠠᠩᠰᠢ ᠶᠢ ᠢᠯᠡ ᠲᠡᠮᠳᠡᠭᠯᠡᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠦᠨᠡᠨ ᠪᠣᠳᠠᠲᠠᠢ ᠪᠥᠭᠡᠳ ᠣᠨᠣᠪᠴᠢᠲᠠᠶ᠂ ᠪᠠᠷᠠᠭᠠᠨ ᠤ ᠱᠣᠰᠢᠭ᠎ᠠ ᠶᠢ ᠣᠷᠣᠨ ᠪᠠᠶᠢᠷᠢ ᠳᠤᠨᠢ ᠲᠣᠬᠢᠷᠠᠭᠤᠯᠵᠤ᠂ ᠢᠯᠡᠬᠡᠨ ᠲᠡᠮᠳᠡᠭ ᠲᠠᠢ ᠪᠠᠶᠢᠬᠤ ᠶᠢ ᠪᠡᠶᠡᠯᠡᠭᠦᠯᠵᠦ᠂ ᠦᠨ᠎ᠡ ᠬᠠᠩᠰᠢ ᠶᠢ ᠢᠯᠡᠳᠬᠡᠬᠦ ᠳᠡᠭᠡᠨ ᠠᠷᠠᠪ ᠲᠤᠭ᠎ᠠ ᠪᠠᠷ ᠠᠷᠠᠳ ᠤᠨ ᠵᠣᠭᠤᠰ ᠤᠨ ᠲᠤᠭ᠎ᠠ ᠶᠢ ᠲᠣᠳᠣᠷᠬᠠᠶᠢᠯᠠᠬᠤ ᠬᠡᠷᠡᠭᠲᠡᠢ᠃ ᠲᠣᠳᠣᠷᠬᠠᠶᠢᠯᠠᠭᠰᠠᠨ ᠦᠭᠡᠢ ᠶᠠᠮᠠᠷᠪᠠ ᠵᠠᠷᠤᠳᠠᠯ ᠬᠤᠷᠢᠶᠠᠵᠤ ᠪᠣᠯᠬᠤ ᠦᠭᠡᠢ᠂ ᠮᠡᠬᠡᠯᠡᠬᠦ ᠴᠢᠨᠠᠷᠲᠠᠢ ᠪᠤᠶᠤ ᠪᠤᠷᠤᠭᠤ ᠵᠦᠭ ᠬᠥᠲᠥᠯᠬᠦ ᠴᠢᠨᠠᠷᠲᠠᠢ ᠦᠭᠡ ᠬᠡᠯᠡ᠂ ᠦᠰᠦᠭ ᠪᠢᠴᠢᠭ᠂ ᠬᠡᠮᠵᠢᠯᠲᠡ ᠶᠢᠨ ᠨᠢᠭᠡᠴᠢ ᠵᠡᠷᠭᠡ ᠪᠠᠷ ᠬᠡᠷᠡᠭᠯᠡᠭᠴᠢᠳ ᠢ ᠥᠳᠥᠭᠡᠨ ᠠᠷᠠᠯᠵᠢᠶᠠᠯᠠᠭᠤᠯᠵᠤ ᠪᠣᠯᠬᠤ ᠦᠭᠡᠢ᠃ ︽ᠡᠵᠡᠩᠨᠡᠭᠴᠢᠳ ᠭᠠᠭᠴᠠ ᠲᠠᠯ᠎ᠠ ᠠᠴᠠ ᠪᠠᠨ ᠲᠠᠶᠢᠯᠪᠤᠷᠢᠯᠠᠬᠤ ᠡᠷᠬᠡ ᠲᠠᠢ︾ ︽ᠪᠣᠷᠣᠯᠠᠭᠤᠯᠤᠮᠠᠭᠴᠠ ᠪᠤᠴᠠᠭᠠᠵᠤ ᠰᠣᠯᠢᠬᠤ ᠦᠭᠡᠢ︾ ᠭᠡᠰᠡᠨ ᠲᠣᠭᠲᠠᠭᠠᠯ ᠢ ᠭᠠᠷᠭᠠᠵᠤ ᠪᠣᠯᠬᠤ ᠦᠭᠡᠢ᠃      ᠭᠤᠷᠪᠠ᠂ ᠡᠯ᠎ᠡ ᠵᠢᠭᠤᠯᠴᠢᠯᠠᠯ ᠤᠨ ᠭᠠᠵᠠᠷ ᠵᠢᠴᠢ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠨᠦᠭᠦᠳ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠬᠤ ᠳᠠᠭᠠᠨ ᠵᠠᠭᠤᠰᠢ ᠶᠢᠨ ᠨᠡᠷᠡᠰ ᠪᠤᠶᠤ ᠡᠯᠧᠺᠲᠷᠣᠨ ᠳᠡᠯᠭᠡᠴᠡ ᠵᠡᠷᠭᠡ ᠬᠡᠯᠪᠡᠷᠢ ᠲᠠᠢ ᠠᠴᠢᠶᠠᠯᠠᠭᠴᠢ ᠳᠡᠭᠡᠷ᠎ᠡ ᠨᠣᠭᠤᠭ᠎ᠠ ᠶᠢᠨ ᠲᠥᠷᠥᠯ ᠵᠦᠢᠯ ᠢ ᠨᠠᠷᠢᠨ ᠲᠣᠳᠣᠷᠬᠠᠢ ᠲᠣᠳᠣᠷᠬᠠᠶᠢᠯᠠᠬᠤ ᠬᠡᠷᠡᠭᠲᠡᠢ᠃ ᠲᠣᠳᠣᠷᠬᠠᠶᠢᠯᠠᠭᠰᠠᠨ ᠨᠣᠭᠤᠭ᠎ᠠ ᠶᠢᠨ ᠦᠨ᠎ᠡ ᠬᠠᠩᠰᠢ ᠪᠣᠯᠣᠨ ᠰᠦᠢᠳᠬᠡᠯ ᠬᠤᠷᠢᠶᠠᠬᠤ ᠪᠠᠷᠢᠮᠵᠢᠶ᠎ᠠ ᠨᠢ ᠦᠨ᠎ᠡ ᠬᠠᠩᠰᠢ ᠶᠢ ᠢᠯᠡ ᠬᠠᠳᠠᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠂ ᠦᠰᠦᠭ ᠤᠨ ᠲᠢᠭ ᠤᠨ ᠶᠡᠭᠡ ᠪᠠᠭ᠎ᠠ ᠨᠢ ᠢᠯᠡ ᠲᠣᠳᠣ ᠪᠠᠶᠢᠬᠤ ᠬᠡᠷᠡᠭᠲᠡᠢ᠂ ᠡᠷᠬᠡᠪᠰᠢ ᠢᠯᠡ ᠲᠣᠳᠣ ᠭᠠᠵᠠᠷ ᠲᠤ ᠲᠤᠬᠠᠢ ᠶᠢᠨ ᠡᠳᠦᠷ ᠤᠨ ᠦᠨ᠎ᠡ ᠬᠠᠩᠰᠢ ᠪᠤᠶᠤ ᠲᠤᠬᠠᠢ ᠶᠢᠨ ᠦᠶ᠎ᠡ ᠶᠢᠨ ᠦᠨ᠎ᠡ ᠬᠠᠩᠰᠢ ᠶᠢ ᠲᠣᠳᠣᠷᠬᠠᠢ ᠬᠠᠳᠠᠬᠤ ᠬᠡᠷᠡᠭᠲᠡᠢ᠂ ᠵᠢᠭᠤᠯᠴᠢᠯᠠᠯ ᠤᠨ ᠭᠠᠵᠠᠷ ᠪᠣᠯᠣᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ︽ᠠᠷᠭ᠎ᠠ ᠪᠢᠯᠢᠭ ᠤᠨ ᠲᠣᠪᠶᠤᠭ︾ ᠢ ᠬᠡᠷᠡᠭᠯᠡᠬᠦ ᠪᠠ ᠬᠡᠷᠡᠭᠯᠡᠭᠴᠢᠳ ᠢ ᠮᠡᠬᠡᠯᠡᠬᠦ ᠪᠤᠰᠤᠳ ᠠᠵᠢᠯᠯᠠᠭ᠎ᠠ ᠶᠢ ᠴᠢᠩᠭ᠎ᠠ ᠴᠠᠭᠠᠵᠠᠯᠠᠵᠤ ᠂ ᠬᠡᠮᠵᠢᠯᠲᠡ ᠶᠢᠨ ᠨᠢᠭᠡᠴᠡ ᠶᠢᠨ ᠬᠢᠨ ᠺᠢᠯᠣᠭ᠍ᠷᠠᠮ ᠪᠦᠷᠢ᠂ ᠬᠤᠪᠢ ᠪᠦᠷᠢ ᠶᠢ ᠨᠠᠷᠢᠨ ᠣᠨᠣᠪᠴᠢᠲᠠᠶ ᠬᠠᠳᠠᠬᠤ ᠬᠡᠷᠡᠭᠲᠡᠢ᠃      ᠳᠥᠷᠪᠡ᠂ ᠡᠯ᠎ᠡ ᠵᠢᠭᠤᠯᠴᠢᠯᠠᠯ ᠤᠨ ᠭᠠᠵᠠᠷ ᠵᠢᠴᠢ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠳ ᠡᠷᠬᠡᠪᠰᠢ ᠪᠢᠯᠧᠲ ᠬᠤᠳᠠᠯᠳᠤᠬᠤ ᠳᠠᠭᠠᠨ ᠰᠦᠢᠳᠬᠡᠯ ᠬᠤᠷᠢᠶᠠᠬᠤ ᠪᠠᠷᠢᠮᠵᠢᠶ᠎ᠠ᠂ ᠦᠨᠳᠦᠰᠦᠯᠡᠯ᠂ ᠲᠣᠳᠣᠷᠬᠠᠢ ᠦᠨ᠎ᠡ ᠪᠤᠳᠤᠬᠤ ᠨᠢᠭᠡᠴᠡ ᠵᠢᠴᠢ ᠵᠠᠭᠠᠯᠳᠤᠬᠤ ᠳ᠋ᠢᠶᠠᠩᠬᠤᠸᠠ ᠵᠡᠷᠭᠡ ᠶᠢ ᠵᠢᠭᠤᠯᠴᠢᠯᠠᠭᠴᠢᠳ ᠲᠤ ᠢᠯᠡ ᠨᠡᠶᠢᠲᠡᠯᠡᠬᠦ ᠬᠡᠷᠡᠭᠲᠡᠢ᠃ ᠵᠠᠰᠠᠭ ᠤᠨ ᠣᠷᠳᠣᠨ ᠠᠴᠠ ᠦᠨ᠎ᠡ ᠬᠠᠩᠰᠢ ᠲᠣᠭᠲᠠᠭᠠᠬᠤ ᠶᠢ ᠬᠡᠷᠡᠭᠵᠢᠭᠦᠯᠵᠦ ᠪᠠᠶᠢᠭ᠎ᠠ ᠵᠤᠭᠠᠴᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠤᠨ ᠡᠭᠦᠳᠡᠨ ᠪᠢᠯᠧᠲ ᠵᠢᠴᠢ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠵᠠᠰᠠᠭ ᠤᠨ ᠣᠷᠳᠣᠨ ᠠᠴᠠ ᠦᠨ᠎ᠡ ᠬᠠᠩᠰᠢ ᠲᠣᠭᠲᠠᠭᠠᠬᠤ ᠪᠠ ᠬᠠᠷᠠᠭᠠᠯᠵᠠᠯ ᠦᠵᠡᠭᠦᠯᠬᠦ᠂ ᠬᠠᠰᠤᠵᠤ ᠬᠡᠯᠲᠦᠷᠢᠭᠦᠯᠬᠦ ᠠᠷᠭ᠎ᠠ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ ᠬᠡᠯᠪᠡᠷᠢ ᠶᠢ ᠨᠢ ᠥᠭᠡᠷᠡᠲᠦᠭᠦᠯᠦᠨ ᠡᠭᠦᠳᠡᠨ ᠪᠢᠯᠧᠲ ᠤᠨ ᠦᠨ᠎ᠡ ᠶᠢ ᠥᠰᠬᠡᠬᠦ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ︽ᠴᠡᠴᠡᠷᠯᠢᠭ ᠲᠠᠬᠢ ᠴᠡᠴᠡᠷᠯᠢᠭ︾ ᠤᠨ ᠡᠭᠦᠳᠡᠨ ᠪᠢᠯᠧᠲ ᠭᠠᠷᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠡᠯᠪᠡᠷᠢ ᠶᠢ ᠨᠢ ᠥᠭᠡᠷᠡᠲᠦᠭᠦᠯᠦᠨ ᠡᠭᠦᠳᠡᠨ ᠪᠢᠯᠧᠲ ᠤᠨ ᠦᠨ᠎ᠡ ᠶᠢ ᠥᠰᠬᠡᠵᠦ ᠪᠣᠯᠬᠤ ᠦᠭᠡᠢ᠂ ᠠᠯᠪᠠᠳᠠᠯᠭ᠎ᠠ ᠪᠠᠷ ᠶᠠᠮᠠᠷᠪᠠ ᠰᠦᠢᠳᠬᠡᠯ ᠢ ᠣᠷᠣᠯᠠᠨ ᠬᠤᠷᠢᠶᠠᠬᠤ ᠵᠢᠴᠢ ᠪᠤᠰᠤᠳ ᠳᠤᠷ᠎ᠠ ᠪᠠᠷ ᠢᠶᠠᠨ ᠦᠨ᠎ᠡ ᠥᠰᠬᠡᠬᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠵᠤ ᠪᠣᠯᠬᠤ ᠦᠭᠡᠢ᠃      ᠲᠠᠪᠤ᠂ ᠡᠯ᠎ᠡ ᠵᠢᠭᠤᠯᠴᠢᠯᠠᠯ ᠤᠨ ᠭᠠᠵᠠᠷ᠂ ᠵᠣᠴᠢᠳ ᠤᠨ ᠪᠠᠭᠤᠳᠠᠯ᠂ ᠠᠷᠠᠳ ᠤᠨ ᠣᠷᠣᠨ ᠰᠠᠭᠤᠴᠠ ᠶᠢᠨ ᠠᠵᠢᠯ ᠲᠥᠷᠥᠯ ᠤᠨ ᠡᠵᠡᠩᠨᠡᠭᠴᠢ ᠤᠬᠠᠮᠰᠠᠷ ᠠᠴᠠ ᠪᠠᠨ ᠬᠠᠤᠯᠢ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠵᠦ᠂ ᠦᠨ᠎ᠡ ᠬᠠᠩᠰᠢ ᠶᠢᠨ ᠠᠭᠤᠯᠭ᠎ᠠ ᠨᠢ ᠦᠨᠡᠨ ᠪᠣᠳᠠᠲᠠᠢ ᠪᠥᠭᠡᠳ ᠲᠣᠳᠣᠷᠬᠠᠢ ᠪᠠᠶᠢᠵᠤ᠂ ᠦᠨ᠎ᠡ ᠬᠠᠩᠰᠢ ᠶᠢᠨ ᠬᠤᠪᠢᠷᠠᠯᠲᠠ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃ ᠬᠠᠤᠯᠢ ᠴᠠᠭᠠᠵᠠ᠂ ᠬᠠᠤᠯᠢ ᠲᠣᠭᠲᠠᠭᠠᠯ  ᠠᠴᠠ ᠵᠥᠷᠢᠴᠡᠨ ᠬᠡᠳᠦ ᠠᠰᠢᠭ ᠣᠯᠵᠤ ᠪᠣᠯᠬᠤ ᠦᠭᠡᠢ᠂ ᠦᠨ᠎ᠡ ᠥᠰᠬᠦ ᠴᠤᠤᠷᠬᠠᠯ ᠲᠠᠷᠬᠠᠭᠠᠵᠤ ᠪᠣᠯᠬᠤ ᠦᠭᠡᠢ᠂ ᠬᠡᠷᠡᠭᠯᠡᠭᠴᠢᠳ ᠢ ᠠᠳᠡᠭᠦᠷᠡᠭᠦᠯᠦᠨ ᠮᠡᠬᠡᠯᠡᠵᠦ ᠪᠣᠯᠬᠤ ᠦᠭᠡᠢ᠂ ᠲᠣᠳᠣᠷᠬᠠᠶᠢᠯᠠᠭᠰᠠᠨ ᠦᠭᠡᠢ ᠰᠦᠢᠳᠬᠡᠯ ᠢ ᠬᠤᠷᠢᠶᠠᠵᠤ ᠪᠣᠯᠬᠤ ᠦᠭᠡᠢ᠃      ᠡᠯ᠎ᠡ ᠠᠵᠢᠯ ᠲᠥᠷᠥᠯ ᠤᠨ ᠡᠵᠡᠩᠨᠡᠭᠴᠢ ᠵᠠᠷᠯᠠᠯ ᠤᠨ ᠱᠠᠭᠠᠷᠳᠠᠯᠭ᠎ᠠ ᠶᠣᠰᠣᠭᠠᠷ᠂ ᠥᠪᠡᠷ ᠢ ᠪᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ ᠦᠨ᠎ᠡ ᠬᠠᠩᠰᠢ ᠶᠢᠨ ᠠᠵᠢᠯᠯᠠᠭ᠎ᠠ ᠶᠢ ᠵᠢᠷᠤᠮᠵᠢᠭᠤᠯᠤᠨ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠷᠯᠠᠨ ᠮᠡᠳᠡᠭᠳᠡᠭᠰᠡᠨ ᠪᠣᠯᠪᠠᠴᠤ ᠮᠥᠨ ᠬᠦ ᠴᠡᠭᠴᠡᠯᠡᠨ ᠥᠭᠡᠷᠡᠴᠢᠯᠡᠵᠦ ᠵᠢᠷᠤᠮᠵᠢᠭᠤᠯᠤᠭᠰᠠᠨ ᠦᠭᠡᠢ᠂ ᠣᠯᠠᠨ ᠲᠦᠮᠡᠨ ᠤ ᠲᠤᠰᠬᠠᠭᠰᠠᠨ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠴᠠᠭᠠᠨ ᠲᠣᠳᠣᠯᠠᠮᠠᠭᠴᠠ᠂ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠦᠶᠯᠡ ᠪᠠᠶᠢᠳᠠᠯ ᠨᠢ ᠬᠠᠷ᠎ᠠ ᠬᠤᠣᠷᠲᠠᠢ᠂ ᠰᠢᠨᠵᠢ ᠴᠢᠨᠠᠷ ᠨᠢ ᠬᠦᠨᠳᠦ ᠨᠣᠴᠢᠲᠠᠢ᠂ ᠨᠥᠯᠥᠭᠡ ᠨᠢ ᠨᠡᠯᠢᠶᠡᠳ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠢᠯᠡ ᠪᠠᠷ ᠨᠡᠶᠢᠲᠡᠯᠡᠨ᠎ᠡ᠃ ᠬᠡᠷᠡᠭᠯᠡᠭᠴᠢᠳ ᠬᠡᠷᠪᠡ ᠬᠠᠤᠯᠢ ᠠᠴᠠ ᠵᠥᠷᠢᠴᠡᠭᠰᠡᠨ ᠬᠡᠷᠡᠭ ᠤᠨ ᠰᠦᠪᠡᠭᠴᠢ ᠶᠢ ᠣᠯᠵᠤ ᠮᠡᠳᠡᠪᠡᠯ ᠴᠠᠭ ᠲᠤᠬᠠᠢ ᠳᠤᠨᠢ 12315 ᠤᠲᠠᠰᠤ ᠪᠠᠷ ᠵᠠᠭᠠᠯᠳᠤᠵᠤ ᠢᠯᠡᠴᠢᠯᠡᠨ ᠮᠡᠳᠡᠭᠦᠯᠦᠭᠡᠷᠡᠢ᠃     ᠡᠭᠦᠨ ᠤ ᠲᠤᠯᠠ ᠣᠨᠴᠠᠭᠠᠶᠢᠯᠠᠨ ᠵᠠᠷᠯᠠᠪᠠ             ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ             ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                           2023 ᠣᠨ ᠤ 7 ᠰᠠᠷ᠎ᠠ ᠶᠢᠨ 30 ᠤ ᠡᠳᠤᠷ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号