ᠲᠠᠨ ᠤ ᠲᠡᠷᠭᠡᠳᠡᠬᠢ ᠡᠮ ᠡᠮᠨᠡᠯᠭᠡ ᠶᠢᠨ ᠪᠠᠳᠤᠯᠠᠭ᠎ᠠ ᠶᠢᠨ ᠦᠢᠯᠡᠴᠢᠯᠡᠭᠡ ᠢᠷᠡᠯ᠎ᠡ︕
ᠨᠡᠶᠢᠲᠡᠯᠡᠭᠰᠡᠨ ᠴᠠᠭ᠄
2023/8/10
      ᠡᠮ ᠡᠮᠨᠡᠯᠭᠡ ᠶᠢᠨ ᠪᠠᠲᠤᠯᠠᠭ᠎ᠠ ᠪᠠᠷ ᠠᠷᠠᠳ ᠲᠤ ᠦᠢᠯᠡᠴᠢᠯᠡᠬᠦ᠂ ᠡᠮ ᠡᠮᠨᠡᠯᠭᠡ ᠶᠢᠨ ᠪᠠᠲᠤᠯᠠᠭ᠎ᠠ ᠪᠠᠷ ᠠᠷᠠᠳ ᠲᠤ ᠠᠰᠢᠭ ᠬᠦᠷᠲᠡᠭᠡᠬᠦ᠂ ᠡᠮ ᠡᠮᠨᠡᠯᠭᠡ ᠶᠢᠨ ᠪᠠᠲᠤᠯᠠᠭ᠎ᠠ ᠪᠠᠷ ᠠᠷᠠᠳ ᠲᠤ ᠲᠥᠬᠦᠮ ᠦᠵᠡᠭᠦᠯᠬᠦ ᠬᠠᠷᠠᠯᠲᠠ ᠶᠢ ᠬᠦᠴᠦᠯᠡᠨ ᠪᠡᠶᠡᠯᠡᠭᠦᠯᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠳᠥᠭᠦᠮ ᠳᠥᠲᠡ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠮ ᠡᠮᠨᠡᠯᠭᠡ ᠶᠢᠨ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽15 ᠮᠢᠨᠦ᠋ᠲ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ︾ ᠢ ᠪᠥᠬᠦ ᠬᠦᠴᠦᠨ ᠢᠶᠠᠷ ᠢᠶᠠᠨ ᠪᠠᠶᠢᠭᠤᠯᠪᠠ᠃      ᠣᠳᠣᠬᠠᠨ ᠳᠤ᠂ ᠪᠥᠬᠦ ᠬᠤᠰᠢᠭᠤᠨ ᠳᠤ 12 ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ᠂ 9 ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠴᠢᠭ ᠢ ᠪᠦᠬᠦᠨ ᠢ ᠪᠠᠶᠢᠭᠤᠯᠵᠤ ᠳᠠᠭᠤᠰᠬᠠᠵᠠᠢ᠃ ᠦᠷᠭᠡᠨ ᠤᠯᠠᠨ ᠠᠷᠠᠳ ᠲᠦᠮᠡᠨ ᠥᠪᠡᠷ ᠤᠨ ᠠᠵᠢᠯ᠂ ᠠᠮᠢᠳᠤᠷᠠᠯ ᠂ ᠰᠤᠷᠤᠯᠭ᠎ᠠ ᠶᠢᠨ ᠪᠠᠶᠢᠳᠠᠯ ᠢᠶᠠᠨ ᠦᠨᠳᠦᠰᠦᠯᠡᠨ ᠣᠶᠢᠷ᠎ᠠ ᠬᠠᠪᠢ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠢᠭ︶ ᠳᠤ ᠬᠦᠷᠴᠦ 20 ᠵᠦᠢᠯ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠶᠢ ᠭᠦᠢᠴᠡᠳᠬᠡᠵᠦ ᠪᠣᠯᠣᠨ᠎ᠠ᠂ ᠡᠯ᠎ᠡ ᠲᠥᠷᠥᠯ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠵᠦᠢᠯᠡᠰ ᠢ ᠣᠶᠢᠷ᠎ᠠ ᠬᠠᠪᠢ ᠠᠴᠠ ᠪᠠᠨ ᠠᠰᠠᠭᠤᠨ ᠯᠠᠪᠯᠠᠵᠤ ᠪᠣᠯᠣᠨ᠎ᠠ᠃ ᠨᠠᠰᠤᠲᠠᠶᠢᠴᠤᠳ᠂ ᠬᠥᠳᠡᠯᠵᠦ ᠪᠠᠷᠢᠬᠤ ᠳᠠᠭᠠᠨ ᠳᠥᠭᠦᠮ ᠦᠭᠡᠢ ᠬᠥᠮᠥᠰ ᠪᠤᠶᠤ ᠪᠤᠶᠢᠳᠠ ᠪᠦᠭᠯᠡᠭᠦᠦ ᠬᠢᠯᠢ ᠬᠢᠵᠠᠭᠠᠷ ᠲᠤ ᠰᠠᠭᠤᠭ᠎ᠠ ᠣᠯᠠᠨ ᠲᠦᠮᠡᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡ ᠭᠥᠷᠳᠡᠬᠦ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠪᠠᠰᠠ ᠤᠲᠠᠰᠤ ᠪᠠᠷ ᠬᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠭᠠᠷ ᠭᠦᠢᠴᠡᠳᠬᠡᠯ ᠬᠢᠬᠦ ᠪᠤᠶᠤ ᠭᠡᠷ ᠲᠤᠨᠢ ᠬᠦᠷᠴᠦ ᠡᠮ ᠡᠮᠨᠡᠯᠭᠡ ᠶᠢᠨ ᠦᠢᠯᠡᠴᠢᠯᠡᠭᠡ ᠬᠠᠩᠭᠠᠵᠤ ᠦᠭᠭᠦᠨ᠎ᠡ᠃      ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠡᠯ᠎ᠡ ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠢᠭ︶ ᠳᠤ ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠬᠤᠯᠪᠣᠭᠳᠠᠯ ᠪᠦᠬᠦᠢ ᠲᠥᠬᠦᠭᠡᠷᠦᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ ᠳᠤᠬᠢᠷᠠᠭᠤᠯᠵᠤ᠂ ︽ᠡᠮ ᠡᠮᠨᠡᠯᠭᠡ ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠡᠴᠦᠰ ᠤᠨ ᠨᠢᠭᠡ ᠮᠧᠲᠷ ᠢ ᠲᠤᠶᠢᠯᠪᠤᠷᠢᠲᠠᠢ ᠨᠠᠪᠲᠠᠷᠡᠭᠦᠯᠵᠦ︾᠂ ᠲᠠᠨ ᠤ ᠡᠷᠡᠭᠦᠯ ᠮᠡᠨᠳᠦ ᠶᠢ ᠨᠠᠩ ᠪᠠᠲᠤᠯᠠᠭ᠎ᠠ ᠲᠠᠢ ᠪᠣᠯᠭᠠᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号