ᠪᠠᠳᠤᠬᠠᠭᠠᠯᠭ᠎ᠠ ᠪᠠᠯᠭᠠᠰᠤᠨ ᠤ ᠰᠠᠭᠤᠭᠠᠯᠢ ᠠᠷᠠᠳ ᠲᠤ ᠦᠭᠬᠦ ᠵᠠᠬᠢᠳᠠᠯ
ᠨᠡᠶᠢᠲᠡᠯᠡᠭᠰᠡᠨ ᠴᠠᠭ᠄
2023/8/11
ᠦᠷᠭᠡᠨ ᠤᠯᠠᠨ ᠰᠠᠭᠤᠭᠠᠯᠢ ᠠᠷᠠᠳ ᠠ᠋᠄      ᠪᠠᠲᠤᠬᠠᠭᠠᠯᠭ᠎ᠠ ᠪᠠᠯᠭᠠᠰᠤ ᠪᠣᠯ ᠪᠦᠭᠦ ᠬᠤᠰᠢᠭᠤᠨ ᠤ ᠤᠯᠤᠰ ᠲᠦᠷᠦ᠂ ᠠᠵᠤ ᠠᠬᠤᠢ᠂ ᠰᠣᠶᠣᠯ ᠤᠨ ᠲᠥᠪ ᠪᠣᠯᠬᠤ ᠪᠦᠭᠡᠳ ᠮᠠᠨ ᠤ ᠬᠠᠮᠲᠤ ᠶᠢᠨ ᠰᠠᠶᠢᠨ ᠰᠠᠶᠢᠬᠠᠨ ᠭᠡᠷ ᠣᠷᠣᠨ ᠪᠣᠯᠣᠨ᠎ᠠ᠃ ᠴᠡᠪᠡᠷ ᠲᠡᠭᠰᠢ᠂ ᠪᠣᠯᠪᠠᠰᠤᠨ ᠶᠤᠰᠤᠷᠬᠠᠭ᠂ ᠡᠮᠬᠢ ᠳᠢᠭᠯᠢᠮ ᠲᠠᠢ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠤᠷᠤᠰᠢᠨ ᠰᠠᠭᠤᠬᠤ ᠳᠤ ᠲᠣᠬᠢᠷᠠᠮᠵᠢᠲᠠᠢ᠂ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ᠂ ᠵᠤᠭᠠᠴᠠᠬᠤ ᠳᠤ ᠲᠣᠬᠢᠷᠠᠮᠵᠢᠲᠠᠢ ᠭᠤᠤᠯᠳᠠᠯᠭᠠᠳᠤ ᠬᠤᠲᠠ ᠪᠠᠯᠭᠠᠰᠤ ᠶᠢ ᠪᠣᠶ ᠪᠣᠯᠭᠠᠬᠤ ᠪᠣᠯ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠪᠣᠯᠣᠨ᠎ᠠ᠃ ᠣᠶᠢᠷ᠎ᠠ ᠶᠢᠨ ᠵᠢᠯ ᠳᠤ᠂ ᠪᠠᠲᠤᠬᠠᠭᠠᠯᠭ᠎ᠠ ᠪᠠᠯᠭᠠᠰᠤ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠠᠭ ᠲᠤᠬᠠᠢ ᠳᠤᠨᠢ ᠴᠡᠭᠴᠡᠯᠡᠨ ᠵᠠᠰᠠᠭᠰᠠᠨ ᠦᠭᠡᠢ ᠪᠠᠶᠢᠳᠠᠯ ᠨᠢ ᠮᠠᠨ ᠤ ᠬᠤᠰᠢᠭᠤᠨ ᠤ ᠪᠦᠬᠦᠶᠢᠯᠡ ᠳᠦᠷᠢ ᠲᠥᠷᠬᠦ ᠶᠢ ᠨᠥᠯᠥᠭᠡᠯᠡᠭᠰᠡᠨ ᠢᠶᠠᠷ ᠪᠠᠷᠠᠬᠤ ᠦᠭᠡᠢ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠴᠤ ᠨᠥᠯᠥᠭᠡᠯᠡᠭᠰᠡᠨ ᠪᠠᠶᠢᠨ᠎ᠠ᠃ ᠡᠭᠦᠨ ᠤ ᠲᠤᠯᠠᠳᠠ᠂ ᠬᠤᠰᠢᠭᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠴᠠ ᠪᠠᠲᠤᠬᠠᠭᠠᠯᠭ᠎ᠠ ᠪᠠᠯᠭᠠᠰᠤᠨ ᠤ ᠳᠥᠭᠦᠮ ᠪᠦᠲᠦᠴᠡᠲᠦ ᠣᠷᠣᠨ ᠲᠣᠭᠤᠷᠢᠭ ᠢ ᠴᠡᠭᠴᠡᠯᠡᠨ ᠵᠠᠰᠠᠬᠤ ᠵᠢᠴᠢ ᠠᠮᠢ ᠠᠬᠤᠢ ᠶᠢ ᠵᠠᠰᠠᠨ ᠰᠡᠷᠭᠦᠭᠡᠬᠦ ᠠᠵᠢᠯ ᠢ ᠥᠷᠨᠢᠭᠦᠯᠬᠦ ᠪᠠᠷ ᠲᠣᠭᠲᠠᠵᠤ᠂ ᠥᠨᠳᠥᠷ ᠢ ᠨᠢ ᠨᠠᠮᠳᠠᠬᠠᠵᠤ᠂ ᠳᠣᠣᠷ᠎ᠠ ᠭᠠᠵᠠᠷ ᠢ ᠨᠢ ᠦᠨᠳᠦᠷᠯᠡᠬᠦ᠂ ᠰᠤᠯᠠ ᠭᠠᠵᠠᠷ ᠢ ᠨᠣᠭᠤᠭᠠᠷᠠᠭᠤᠯᠬᠤ ᠵᠡᠷᠭᠡ ᠠᠷᠭ᠎ᠠ ᠬᠡᠯᠪᠡᠷᠢ ᠪᠠᠷ ᠬᠤᠲᠠ ᠪᠠᠯᠭᠠᠰᠤ ᠶᠢ ᠰᠢᠨ᠎ᠡ ᠳᠦᠷᠰᠦ ᠪᠠᠶᠢᠳᠠᠯ ᠲᠠᠢ ᠪᠣᠯᠭᠠᠬᠤ ᠪᠠᠷ ᠪᠠᠶᠢᠨ᠎ᠠ᠃      ᠣᠳᠣᠬᠠᠨ ᠳᠤ ᠲᠤᠬᠠᠢ ᠶᠢᠨ ᠲᠠᠯᠠᠪᠠᠶ ᠶᠢᠨ ᠪᠠᠷᠢᠯᠭ᠎ᠠ ᠶᠢᠨ ᠠᠵᠢᠯ ᠶᠠᠭ ᠢᠳᠡ ᠬᠥᠭ ᠲᠠᠢ ᠶᠠᠪᠤᠭᠳᠠᠵᠤ᠂ ᠰᠠᠷ᠎ᠠ ᠰᠢᠬᠠᠮ ᠬᠤᠭᠤᠴᠠᠭ᠎ᠠ ᠦᠷᠭᠦᠯᠵᠢᠯᠡᠵᠦ᠂ ᠪᠠᠷᠢᠯᠭ᠎ᠠ ᠶᠢᠨ ᠠᠵᠢᠯ ᠤᠨ ᠶᠠᠪᠤᠴᠠ ᠳᠤ ᠵᠣᠬᠢᠬᠤ ᠬᠡᠮᠵᠢᠶᠡᠨ ᠤ ᠱᠤᠤᠭᠢᠶ᠎ᠠ ᠲᠡᠭᠤ᠂ ᠲᠣᠭᠤᠰᠣ ᠳᠡᠭᠳᠡᠬᠦ ᠵᠡᠷᠭᠡ ᠪᠠᠶᠢᠳᠠᠯ ᠭᠠᠷᠬᠤ ᠨᠢ ᠵᠠᠶᠢᠯᠠᠰᠢ ᠤᠶᠢᠭᠡᠢ ᠶᠤᠮ᠃ ᠪᠢᠳᠠ ᠨᠢᠭᠡᠨᠲᠡ ᠠᠶᠤᠯᠭᠦᠢ ᠪᠣᠯᠪᠠᠰᠤᠨ ᠢᠶᠠᠷ ᠪᠠᠷᠢᠯᠭ᠎ᠠ ᠶᠢᠨ ᠠᠵᠢᠯ ᠢ ᠬᠢᠬᠦ ᠴᠢᠬᠤᠯᠠ ᠪᠦᠬᠦᠢ ᠠᠷᠭ᠎ᠠ ᠬᠡᠮᠵᠢᠶ᠎ᠡ ᠶᠢ ᠠᠪᠴᠤ᠂ ᠠᠯᠢ ᠴᠢᠳᠠᠬᠤ ᠪᠠᠷ ᠴᠢᠷᠮᠠᠶᠢᠵᠤ ᠪᠠᠶᠢᠭᠠᠳ ᠲᠠᠭᠤ ᠱᠤᠤᠭᠢᠶᠠᠨ ᠢ ᠪᠠᠭᠠᠰᠬᠠᠨ᠂ ᠲᠣᠭᠤᠰᠣ ᠲᠡᠭᠳᠡᠭᠦ ᠶᠢ ᠪᠠᠭᠠᠰᠬᠠᠵᠤ ᠪᠠᠶᠢᠨ᠎ᠠ᠃ ᠡᠶᠢᠮᠦ ᠠᠴᠠ ᠦᠷᠭᠡᠨ ᠤᠯᠠᠨ ᠰᠠᠭᠤᠭᠠᠯᠢ ᠠᠷᠠᠳ ᠤᠨ ᠣᠶᠢᠯᠠᠭᠠᠨ ᠳᠡᠮᠵᠢᠬᠦ ᠶᠢ ᠬᠦᠰᠡᠵᠦ ᠪᠠᠶᠢᠨ᠎ᠠ᠃      ᠪᠠᠲᠤᠬᠠᠭᠠᠯᠭ᠎ᠠ ᠪᠠᠯᠭᠠᠰᠤᠨ ᠤ ᠴᠡᠪᠡᠷ ᠴᠡᠮᠴᠡᠭᠡᠷ ᠨᠢ ᠪᠢᠳᠡᠨ ᠤ ᠬᠥᠮᠥᠨ ᠪᠣᠯᠭᠠᠨ ᠤ ᠬᠠᠮᠳᠤ ᠶᠢᠨ ᠬᠦᠰᠡᠯ ᠶᠤᠮ᠂ ᠪᠢᠳᠡ ᠭᠠᠷ ᠭᠠᠷ ᠢᠶᠠᠨ ᠬᠤᠯᠪᠣᠯᠴᠠᠨ᠂ ᠡᠵᠡᠨ ᠬᠥᠮᠥᠨ ᠤ ᠣᠪᠣᠷ ᠢᠶᠠᠷ ᠪᠠᠲᠤᠬᠠᠭᠠᠯᠭ᠎ᠠ ᠪᠠᠯᠭᠠᠰᠤ ᠶᠢ ᠥᠪᠡᠷ ᠤᠨ ᠭᠡᠷ ᠤᠷᠤᠨ ᠰᠢᠭ᠋ ᠢᠶᠠᠨ ᠪᠦᠲᠦᠭᠡᠨ ᠪᠠᠶᠢᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠠᠮᠲᠤᠪᠠᠷ ᠵᠠᠰᠠᠵᠤ ᠬᠠᠮᠲᠤᠪᠠᠷ ᠡᠳ᠋ᠯᠡᠵᠦ᠂ ᠰᠣᠳᠣᠨ ᠣᠨᠴᠠᠯᠢᠭᠲᠤ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ᠂ ᠥᠩᠭᠡ ᠭᠡᠷᠡᠯ ᠨᠡᠮᠡᠷᠢᠯᠡᠶ᠎ᠡ︕              ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ              ᠣᠷᠣᠨ ᠰᠠᠭᠤᠴᠠ ᠪᠠ ᠬᠤᠲᠠ ᠬᠥᠳᠡᠭᠡ ᠶᠢᠨ              ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ                      2023 ᠣᠨ ᠤ 8 ᠰᠠᠷ᠎ᠠ ᠶᠢᠨ 11 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号