ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠤᠮᠠᠷᠠᠳᠦ ᠬᠢᠯᠢ ᠶᠢᠨ ᠪᠤᠬᠢᠷᠳᠤᠯ ᠦᠭᠡᠢ ᠬᠦᠭᠵᠢᠯᠳᠡ ᠶᠢᠨ ᠬᠠᠭᠤᠳᠠᠰᠦ ᠶᠢ ᠵᠢᠷᠤᠭᠯᠠᠵᠦ ᠪᠠᠶᠢᠨ᠎ᠠ
ᠨᠡᠶᠢᠲᠡᠯᠡᠭᠰᠡᠨ ᠴᠠᠭ᠄
2023/8/14
      ᠥᠪᠥᠷ ᠮᠣᠩᠭᠤᠯ  ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠨᠢᠭᠡ ᠪᠣᠯᠣᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠮᠠᠨ ᠤ ᠬᠤᠰᠢᠭᠤᠨ ᠤ ᠪᠣᠳᠠᠲᠠᠢ ᠪᠠᠶᠢᠳᠠᠯ ᠪᠠ ᠲᠣᠭᠲᠠᠭᠠᠭᠰᠠᠨ ᠲᠡᠮᠡᠴᠡᠯ ᠤᠨ ᠬᠠᠷᠠᠯᠲᠠ ᠲᠠᠢ ᠨᠢᠭᠲᠠ ᠤᠶᠠᠯᠳᠤᠭᠤᠯᠤᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠲᠠᠷᠤᠢ ᠠᠯᠲᠠ ᠮᠥᠩᠭᠦᠨ ᠠᠭᠤᠯᠠ ᠤᠰᠤ ᠮᠦᠨ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠭᠤᠯᠠ ᠤᠰᠤ ᠤᠢ ᠰᠢᠭᠤᠢ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠭᠤᠷᠪᠠᠨ ᠤᠮᠠᠷᠠᠲᠤ︾  ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠬᠢᠷᠲᠤᠯ ᠦᠭᠡᠢ ᠠᠮᠢ ᠠᠬᠤᠢ ᠶᠢᠨ ᠰᠠᠭᠤᠷᠢ ᠶᠢ ᠵᠤᠵᠠᠭᠠᠳᠬᠠᠵᠤ᠂ ᠤᠢ ᠰᠢᠭᠤᠢ ᠨᠤᠳᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠮᠢ ᠠᠬᠤᠢ  ᠶᠢᠨ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠰᠢᠨ᠎ᠡ ᠴᠠᠭ ᠦᠶ᠎ᠡ ᠶᠢᠨ ᠪᠣᠬᠢᠷᠲᠤᠯ ᠦᠭᠡᠢ ᠬᠥᠭᠵᠢᠯᠲᠡ ᠶᠢᠨ ᠤᠷᠤᠭᠰᠢᠯᠠᠯᠲᠠ ᠶᠢᠨ ᠬᠥᠭᠵᠢᠮ ᠢ ᠴᠢᠪᠬᠠᠳᠠᠵᠤ ᠪᠠᠶᠢᠨ᠎ᠠ᠃      ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠵᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠨ᠎ᠠ᠃ ᠣᠶᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ᠂ ᠲᠠᠴᠢᠷᠵᠢᠬᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ᠂ ᠥᠨᠳᠦᠷᠯᠢᠭ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ ᠣᠶᠢᠵᠢᠭᠤᠯᠤᠯᠲᠠ ᠶᠢᠨ ᠨᠥᠬᠦᠪᠦᠷᠢ ᠥᠭᠬᠦ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠲᠦᠰᠢᠭᠯᠡᠨ᠂ ᠬᠥᠮᠥᠨ ᠤ ᠬᠦᠴᠦ ᠪᠠᠷ ᠣᠶᠢᠵᠢᠭᠤᠯᠵᠤ ᠡᠪᠡᠰᠦ ᠳᠠᠷᠢᠬᠤ᠂ ᠠᠭᠤᠯᠠ ᠶᠢ ᠪᠢᠲᠡᠭᠦᠮᠵᠢᠯᠡᠨ ᠤᠢ ᠮᠣᠳᠣ ᠪᠣᠶᠢᠵᠢᠭᠤᠯᠬᠤ᠂ ᠬᠠᠰᠢᠶᠠᠯᠠᠵᠤ ᠪᠢᠲᠡᠭᠦᠮᠵᠢᠯᠡᠨ ᠪᠣᠶᠢᠵᠢᠭᠤᠯᠬᠤ ᠵᠡᠷᠭᠡ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠷᠪᠠᠨ ᠵᠢᠯ ᠳᠤ ᠨᠡᠶᠢᠳᠡ 31 ᠲᠦᠮᠡᠨ ᠮᠦ ᠲᠠᠯᠠᠪᠠᠢ ᠤᠢ ᠰᠢᠭᠤᠢ᠂ 78 ᠲᠦᠮᠡᠨ ᠮᠦ ᠲᠠᠯᠠᠪᠠᠢ ᠨᠤᠲᠤᠭ ᠪᠡᠯᠴᠢᠭᠡᠷ ᠤᠨ ᠵᠠᠰᠠᠯᠲᠠ ᠶᠢ ᠪᠡᠶᠡᠯᠡᠭᠦᠯᠪᠡ᠃ ︽ᠢᠨᠲ᠋ᠧᠷ ᠰᠦᠯᠵᠢᠶ᠎ᠡ + ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ︾ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠲᠥᠷᠥᠯ ᠤᠨ ᠴᠢᠬᠢ ᠮᠣᠳᠣ ᠶᠢ 55000 ᠭᠠᠷᠤᠢ ᠰᠠᠭᠤᠷᠢ ᠵᠠᠶᠢᠯᠠᠵᠤ᠂ ᠨᠣᠭᠤᠭᠠᠷᠠᠭᠤᠯᠤᠯᠲᠠ ᠶᠢᠨ ᠲᠠᠯᠠᠪᠠᠶ ᠶᠢ 750 ᠮᠦ ᠠᠴᠠ ᠳᠠᠪᠠᠭᠤᠯᠪᠠ᠃ ᠪᠥᠬᠦ ᠬᠤᠰᠢᠭᠤᠨ ᠤ ᠣᠶ ᠰᠢᠭᠤᠢ ᠶᠢᠨ ᠪᠦᠷᠬᠦᠴᠡ ᠶᠢᠨ ᠨᠣᠷᠮ᠎ᠠ 14.9% ᠳᠤ ᠬᠦᠷᠴᠦ᠂ ᠡᠪᠡᠰᠦᠨ ᠤ ᠳᠤᠮᠳᠠᠴᠢ ᠪᠦᠷᠬᠦᠴᠡ 31.2% ᠲᠤ ᠬᠦᠷᠴᠦ᠂ ᠣᠶ ᠰᠢᠭᠤᠢ ᠡᠪᠡᠰᠦᠨ ᠤ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠳᠡᠭᠡᠭᠰᠢᠯᠡᠨ᠂ ᠰᠠᠯᠬᠢ ᠡᠯᠡᠰᠦ᠂ ᠬᠥᠷᠥᠰᠥ ᠰᠢᠷᠣᠢ ᠶᠢᠨ ᠢᠳᠡᠭᠳᠡᠯ ᠵᠡᠷᠭᠡ ᠪᠠᠶᠢᠭᠠᠯᠢ ᠶᠢᠨ ᠭᠠᠮᠰᠢᠭ ᠵᠢᠯ ᠳᠠᠷᠠᠭᠠᠯᠠᠨ ᠪᠠᠭᠠᠰᠴᠤ᠂ ︽ᠬᠥᠮᠥᠨ ᠨᠢ ᠤᠷᠤᠭᠰᠢᠯᠠᠵᠤ ᠡᠯᠡᠰᠦ ᠨᠢ ᠤᠬᠤᠷᠢᠬᠤ︾ ᠪᠠᠶᠢᠳᠠᠯ ᠠᠯᠬᠤᠮ ᠠᠯᠬᠤᠮ ᠢᠶᠠᠷ ᠪᠣᠳᠠᠲᠠᠢ ᠪᠣᠯᠵᠤ ᠪᠠᠶᠢᠨ᠎ᠠ᠃
微信图片_20230817091339.jpg
       ᠡᠨᠡ ᠵᠢᠯ ᠤᠨ 4 ᠰᠠᠷ᠎ᠠ ᠶᠢᠨ 5 ᠤ ᠡᠳᠦᠷ ᠠᠴᠠ ᠡᠬᠢᠯᠡᠨ᠂ ᠪᠥᠬᠦ ᠬᠤᠰᠢᠭᠤᠨ ᠤ 12 ᠰᠤᠮᠤ ᠰᠢᠶᠠᠩ ᠪᠠᠯᠭᠠᠰᠤ ᠶᠢᠨ 77 ᠭᠠᠴᠠᠭ᠎ᠠ ᠲᠣᠰᠬᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠤ ᠣᠷᠣᠨ 45 ᠡᠳᠦᠷ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭᠠᠨ ᠳᠤ ᠣᠷᠣᠵᠤ᠂ 2003.635 ᠲᠦᠮᠡᠨ ᠮᠦ ᠨᠤᠲᠤᠭ ᠪᠡᠯᠴᠢᠭᠡᠷ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠤ ᠰᠡᠷᠬᠦᠨ ᠤᠷᠭᠤᠬᠰᠠᠨ ᠪᠠᠶᠢᠨ᠎ᠠ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠮᠠᠯ ᠪᠡᠯᠴᠢᠭᠡᠷ ᠤᠨ ᠲᠡᠩᠴᠡᠭᠦᠷᠢ ᠶᠢ ᠪᠠᠶᠠᠯᠠᠬᠦᠯᠵᠦ᠂ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠨᠦᠬᠦᠪᠦᠷᠢᠯᠡᠨ ᠱᠠᠩᠨᠠᠬᠤ ᠣᠷᠣᠨ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ 374.905 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ 2003.635 ᠲᠦᠮᠡᠨ ᠮᠦ ᠭᠡᠵᠦ ᠬᠤᠪᠢᠶᠠᠬᠰᠠᠨ ᠪᠠᠶᠢᠨ᠎ᠠ᠃ ᠲᠠᠷᠢᠶᠠᠯᠠᠬᠤ ᠶᠢ ᠵᠣᠭᠰᠣᠭᠠᠵᠤ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠬᠤᠯᠪᠣᠭᠳᠠᠯ ᠪᠦᠬᠦᠢ ᠨᠥᠬᠦᠪᠦᠷᠢ ᠪᠡᠯᠡ ᠮᠥᠩᠭᠦ 1700 ᠲᠦᠮᠡᠨ ᠲᠥᠭᠦᠷᠢᠭ᠂ ᠨᠡᠶᠢᠲᠡ ᠶᠢᠨ ᠠᠰᠠᠷᠠᠮᠵᠢ ᠶᠢᠨ ᠤᠢ ᠶᠢᠨ ᠨᠥᠬᠦᠪᠦᠷᠢ 5658 ᠲᠦᠮᠡᠨ ᠲᠥᠭᠦᠷᠢᠭ  ᠢ ᠴᠠᠭ ᠲᠤᠬᠠᠢ ᠳᠤᠨᠢ ᠲᠠᠷᠬᠠᠭᠠᠵᠠᠢ᠃ ᠪᠥᠬᠦ ᠬᠤᠰᠢᠭᠤᠨ ᠤ ᠦᠨᠳᠦᠰᠦᠨ ᠨᠤᠲᠤᠭ ᠪᠡᠯᠴᠢᠭᠡᠷ ᠤᠨ ᠲᠠᠯᠠᠪᠠᠶ 2191.32 ᠲᠦᠮᠡᠨ ᠮᠦ᠂ ᠦᠨᠳᠦᠰᠦᠨ ᠪᠤᠰᠤ ᠨᠤᠲᠤᠭ ᠪᠡᠯᠴᠢᠭᠡᠷ ᠤᠨ ᠲᠠᠯᠠᠪᠠᠶ 143.43 ᠲᠦᠮᠡᠨ ᠮᠦ᠂ ᠦᠨᠳᠦᠰᠦᠨ ᠨᠤᠲᠤᠭ ᠪᠡᠯᠴᠢᠭᠡᠷ ᠤᠨ ᠨᠥᠭᠡᠴᠡ ᠶᠢᠨ ᠣᠷᠣᠨ 8.43 ᠲᠦᠮᠡᠨ ᠮᠦ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠦᠨ ᠲᠣᠬᠢᠷᠠᠭᠤᠯᠪᠠ᠃ ᠡᠭᠦᠨ ᠤ ᠬᠠᠮᠲᠤ ︽ᠣᠶ ᠰᠢᠭᠤᠢ ᠶᠢᠨ ᠳᠠᠷᠤᠭ᠎ᠠ ᠶᠢᠨ ᠳᠦᠷᠢᠮ︾ ᠤᠨ ᠠᠵᠢᠯ ᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠬᠤᠰᠢᠭᠤ᠂ ᠰᠤᠮᠤ ᠰᠢᠶᠠᠩ᠂ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ ︽ᠣᠶ ᠰᠢᠭᠤᠢ ᠶᠢᠨ ᠳᠠᠷᠤᠭ᠎ᠠ + ᠪᠠᠶᠢᠴᠠᠭᠠᠬᠤ ᠳᠠᠷᠤᠭ᠎ᠠ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠪᠠᠶᠢᠨ᠎ᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠳᠠ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ 180 ᠲᠦᠮᠡᠨ ᠲᠥᠭᠦᠷᠢᠭ ᠤᠨ ᠪᠡᠯᠡ ᠣᠷᠣᠭᠤᠯᠵᠤ᠂ 13 ᠭᠠᠴᠠᠭ᠎ᠠ ᠲᠣᠰᠬᠤᠨ 1 ᠰᠢᠶᠠᠩ ᠪᠠᠯᠭᠠᠰᠤᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢ ᠠᠬᠤᠢ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠷᠪᠠᠨ ᠵᠢᠯ ᠳᠤ ᠨᠡᠶᠢᠲᠡ 9.55 ᠲᠦᠮᠡᠨ ᠮᠦ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠥᠨᠥᠭᠡᠯ ᠢ ᠰᠡᠷᠭᠡᠶᠢᠯᠡᠨ ᠵᠠᠰᠠᠵᠤ᠂ 94.5 ᠲᠦᠮᠡᠨ ᠮᠦ ᠨᠤᠲᠤᠭ ᠪᠡᠯᠴᠢᠭᠡᠷ ᠤᠨ ᠴᠠᠷᠴᠠᠬᠠᠢ ᠶᠢ ᠰᠡᠷᠭᠡᠶᠢᠯᠡᠨ ᠵᠠᠰᠠᠵᠤ᠂ 1.6 ᠲᠦᠮᠡᠨ ᠮᠦ ᠨᠠᠶᠢᠯᠵᠠᠭᠤᠷ ᠬᠠᠷᠭᠠᠨ᠎ᠠ ᠶᠢᠨ ᠬᠤᠷᠤᠬᠠᠢ ᠶᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠭᠦᠯᠪᠡ︔ ᠬᠢᠵᠢᠭ ᠤᠨ ᠪᠠᠶᠢᠴᠠᠭᠠᠯᠲᠠ ᠬᠢᠵᠦ ᠭᠠᠷᠭᠠᠭᠰᠠᠨ ᠴᠢᠬᠢ ᠮᠤᠳᠤᠨ ᠤ ᠲᠠᠯᠠᠪᠠᠢ 644 ᠮᠤ᠋ ᠪᠠᠶᠢᠵᠤ᠂ ᠦᠷ᠎ᠡ ᠴᠢᠬᠢ ᠶᠢᠨ ᠭᠠᠷᠤᠯᠲᠠ ᠶᠢᠨ ᠣᠷᠣᠨ ᠤ ᠬᠢᠵᠢᠭ ᠤᠨ ᠪᠠᠶᠢᠴᠠᠭᠠᠯᠲᠠ ᠶᠢᠨ ᠨᠤᠷᠮ᠎ᠠ 100% ᠳᠤ ᠬᠦᠷᠪᠡ᠃ ᠬᠤᠷᠢᠭᠳᠠᠭᠰᠠᠨ 61 ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠪᠠ᠃ ︽ᠬᠤᠣᠰ ᠨᠡᠭᠦᠷᠡᠰᠦᠲᠥ᠋ᠷᠥᠭᠴᠢ︾ ᠶᠢᠨ ᠬᠥᠭᠵᠢᠯᠲᠡ ᠶᠢᠨ ᠠᠵᠠ ᠲᠣᠬᠢᠶᠠᠯ ᠢ ᠪᠠᠲᠤ ᠡᠵᠡᠮᠳᠡᠨ᠂ ᠣᠶ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠠᠬᠢᠭᠤᠯᠵᠤ᠂ ᠰᠢᠰᠲ᠋ᠧᠮᠵᠢᠭᠰᠡᠨ ᠪᠦᠷᠢᠨ ᠪᠦᠲᠦᠨ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠪᠠ᠃ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠬᠤᠷᠠᠮᠳᠤᠭᠤᠯᠬᠤ ᠵᠢᠴᠢ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠦᠷᠭᠦᠯᠵᠢᠯᠡᠨ ᠰᠦᠪᠡᠭᠴᠢᠯᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠠᠵᠠᠷ ᠵᠦᠢ ᠬᠢᠭᠡᠳ ᠡᠬᠢ ᠪᠠᠶᠠᠯᠢᠭ ᠤᠨ ᠰᠤᠳᠤᠯᠭᠠᠨ ᠤ ᠭᠠᠵᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠲᠠᠯ᠎ᠠ ᠨᠤᠲᠤᠭ ᠤᠨ ᠬᠢᠨᠠᠨ ᠬᠡᠮᠵᠢᠯᠲᠡ ᠶᠢᠨ ᠲᠥᠯᠦᠪᠵᠢᠭᠦᠯᠭᠡ ᠶᠢᠨ ᠬᠦᠷᠢᠶᠡᠯᠡᠩ ᠯᠦᠭᠡ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠡᠭᠦᠷᠡᠰᠦᠲᠥ᠋ᠷᠥᠭᠴᠢ ᠶᠢ ᠰᠢᠩᠭᠡᠬᠡᠨ ᠬᠤᠷᠠᠮᠳᠤᠭᠤᠯᠬᠤ ᠴᠢᠳᠠᠮᠵᠢ ᠶᠢ ᠬᠢᠨᠠᠨ ᠬᠡᠮᠵᠢᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠨ ᠤ ᠬᠤᠰᠢᠭᠤᠨ ᠤ ᠣᠶ ᠰᠢᠭᠤᠢ ᠨᠤᠳᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠬᠤᠷᠠᠮᠳᠤᠭᠤᠯᠬᠤ ᠠᠵᠢᠯ ᠳᠤ ᠲᠤᠭ᠎ᠠ ᠪᠠᠷᠢᠮᠳᠠ ᠶᠢᠨ ᠲᠤᠯᠭᠠᠭᠤᠷᠢᠯᠠᠯ ᠬᠠᠩᠭᠠᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠪᠡᠯᠴᠢᠭᠡᠷ ᠢ ᠬᠠᠮᠠᠭᠠᠯᠠᠨ ᠬᠦᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠣᠷᠣᠨ ᠤ ︽ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠲᠤᠷᠰᠢᠯᠲᠠ ᠶᠢᠨ ᠴᠡᠭ︾ ᠪᠠ ︽ᠨᠤᠳᠤᠭ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠱᠢᠶ᠎ᠡ ᠦᠵᠡᠭᠦᠯᠬᠦ ᠬᠤᠰᠢᠭᠤ︾ ᠶᠢᠨ ᠲᠤᠷᠰᠢᠯᠲᠠ ᠶᠢᠨ ᠴᠡᠭ ᠤᠨ ᠠᠵᠢᠯ ᠢ ᠲᠦᠷᠭᠡᠳᠬᠡᠨ ᠠᠬᠢᠭᠤᠯᠤᠨ᠎ᠠ᠃
微信图片_20230817091340.jpg
      ᠨᠣᠭᠤᠭᠠᠨ ᠥᠩᠭᠡ ᠪᠣᠯ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠡᠪᠢᠰᠬᠡᠷ ᠥᠩᠭᠡ ᠮᠦᠨ᠃ ᠰᠢᠨ᠎ᠡ ᠬᠥᠭᠵᠢᠯᠲᠡ ᠶᠢᠨ ᠭᠠᠷᠤᠭ᠎ᠠ ᠳᠡᠭᠡᠷ᠎ᠡ ᠵᠣᠭᠰᠣᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠱᠤ᠋ ᠮᠢᠩ᠄ ︽ᠬᠤᠶᠢᠰᠢᠳᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠣᠪᠴᠢᠶ᠎ᠠ ᠰᠢᠨ᠎ᠡ ᠬᠡᠪ ᠪᠠᠶᠢᠳᠠᠯ ᠳᠤ ᠵᠣᠬᠢᠴᠠᠵᠤ᠂ ᠰᠢᠨ᠎ᠡ ᠠᠵᠠ ᠲᠣᠬᠢᠶᠠᠯ ᠢ ᠠᠮᠵᠢᠵᠤ᠂ ᠰᠢᠨ᠎ᠡ ᠬᠥᠭᠵᠢᠯᠲᠡ ᠶᠢ ᠡᠷᠢᠯᠬᠡᠶᠢᠯᠡᠨ᠎ᠡ᠃ ︽ᠲᠠᠪᠤᠨ ᠶᠡᠭᠡ︾ ᠡᠭᠦᠷᠭᠡ ᠶᠢ ᠪᠡᠶᠡᠯᠡᠭᠦᠯᠬᠦ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠢᠳᠡᠪᠬᠢᠳᠡᠢ ᠴᠢᠷᠮᠠᠶᠢᠨ ᠣᠯᠵᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠨᠥᠬᠦᠪᠦᠷᠢᠯᠡᠬᠦ᠂ ᠨᠣᠭᠤᠭᠠᠷᠠᠭᠤᠯᠤᠯᠲᠠ ᠶᠢ ᠬᠠᠮᠠᠭᠠᠯᠠᠬᠤ ᠭᠤᠷᠪᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠨ᠂ ︽ᠨᠣᠭᠤᠭᠠᠷᠠᠭᠤᠯᠤᠯᠲᠠ ᠶᠢ ᠠᠬᠢᠭᠤᠯᠵᠤ ᠡᠯᠡᠰᠦ ᠶᠢ ᠪᠠᠭᠠᠰᠬᠠᠬᠤ︾ ᠰᠠᠶᠢᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠮᠠᠷᠠᠲᠤ ᠬᠢᠯᠢ ᠶᠢᠨ ᠲᠦᠮᠡᠨ ᠭᠠᠵᠠᠷ ᠤᠨ ᠨᠤᠮᠢᠨ ᠨᠣᠭᠤᠭᠠᠨ ᠣᠷᠳᠣ ᠴᠠᠭᠠᠨ ᠬᠡᠷᠡᠮ ᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ︾ ᠭᠡᠵᠡᠢ᠃ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号