︽ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠪᠠᠨ  ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ  ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/8/14
      ᠲᠦᠷᠦᠭᠦᠬᠡᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ᠡᠮᠴᠢᠯᠡᠭᠡᠨ ᠤ ᠪᠠᠲᠤᠯᠠᠭ᠎ᠠ ᠶᠢᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ  ᠬᠡᠷᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾  ︵ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ ︹2023︺ 16 ᠳ᠋ᠤᠭᠠᠷ ᠲᠣᠭᠠᠲᠤ᠂ ᠳᠣᠷᠣᠭᠰᠢ ︽  ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ  ᠲᠤᠬᠠᠢ ᠳᠣᠣᠷᠠᠬᠢ ᠮᠡᠲᠦ ᠲᠠᠶᠢᠯᠤᠮᠵᠢ ᠬᠢᠪᠡ᠄            ᠨᠢᠭᠡ᠂ ︽ᠮᠡᠳᠡᠭᠳᠡᠯ︾ ᠢ ᠨᠡᠶᠢᠲᠡᠯᠡᠭᠰᠡᠨ ᠠᠬᠤᠢ ᠪᠠᠶᠢᠳᠠᠯ            ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠡᠮᠴᠢᠯᠡᠭᠡᠨ ᠤ ᠪᠠᠲᠤᠯᠠᠭ᠎ᠠ ᠶᠢᠨ  ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ  ᠴᠢᠬᠤᠯᠠᠴᠢᠯᠠᠵᠤ᠂ 2020 ᠣᠨ ᠳᠤ ︽ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ  ᠬᠤᠷᠢᠶᠠᠨ ᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ  ᠦᠢᠯᠡᠴᠢᠯᠡᠭᠡ ᠶᠢ ᠰᠢᠯᠢᠳᠡᠭᠵᠢᠭᠦᠯᠬᠦ ᠬᠡᠷᠡᠭᠲᠡᠢ ᠭᠡᠵᠦ ᠲᠣᠳᠣᠷᠬᠠᠢ ᠳᠤᠷᠠᠳᠪᠠ᠃ ᠤᠯᠤᠰ ᠤᠨ ᠡᠮᠴᠢᠯᠡᠭᠡᠨ ᠤ  ᠪᠠᠲᠤᠯᠠᠭ᠎ᠠ ᠶᠢᠨ ᠲᠣᠪᠴᠢᠶ᠎ᠠ ᠠᠴᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2021  ᠣᠨ ᠳᠤ ︽ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ  ᠰᠢᠯᠢᠳᠡᠭᠵᠢᠭᠦᠯᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠠᠨᠠᠯ︾ ᠢ ᠳᠠᠷᠤᠮᠠᠯᠯᠠᠨ  ᠲᠠᠷᠬᠠᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ  ᠰᠢᠯᠢᠳᠡᠭᠵᠢᠭᠦᠯᠬᠦ ᠶᠡᠷᠦᠩᠬᠡᠢ ᠬᠠᠷᠠᠯᠲᠠ ᠶᠢ ᠲᠣᠳᠣᠷᠬᠠᠶᠢᠯᠠᠪᠠ᠃ ᠣᠶᠢᠷ᠎ᠠ ᠳᠤ᠂ ᠰᠢ ᠶᠢᠨ ᠫᠢᠩ ᠤᠨ ᠰᠢᠨ᠎ᠡ ᠴᠠᠭ  ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠠᠷᠠᠳ ᠲᠦᠮᠡᠨ ᠢ ᠳᠡᠭᠡᠳᠦᠯᠡᠬᠦ  ᠬᠥᠭᠵᠢᠯᠲᠡ ᠶᠢᠨ ᠣᠨᠣᠯᠵᠢᠬᠤᠨ ᠢ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ  ᠪᠦᠲᠦᠮᠵᠢ ᠪᠣᠯᠭᠠᠨ ᠤᠯᠠᠷᠢᠭᠤᠯᠬᠤ ᠶᠢᠨ ᠲᠤᠰᠠᠳᠠ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽  ᠮᠡᠳᠡᠭᠳᠡᠯ︾ ᠨᠡᠶᠢᠲᠡᠯᠡᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ  ᠠᠩᠬᠠᠳᠠᠭᠴᠢ ᠪᠦᠯᠦᠭ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠠᠷᠳᠠᠮ ᠢ  ᠳᠥᠭᠦᠮᠴᠢᠯᠡᠬᠦ᠂ ᠮᠠᠲ᠋ᠧᠷᠢᠶᠠᠯ ᠢ ᠴᠣᠮᠬᠠᠳᠬᠠᠬᠤ᠂ ᠴᠠᠭ ᠤᠨ ᠬᠢᠵᠠᠭᠠᠷ ᠢ ᠪᠣᠳᠣᠨᠢᠰᠬᠠᠬᠤ ᠪᠠ ᠦᠢᠯᠡᠴᠢᠯᠡᠭᠡᠨ ᠤ  ᠵᠠᠭᠪᠤᠷ ᠢ ᠰᠢᠨᠡᠴᠢᠯᠡᠵᠦ᠂ ᠤᠯᠠᠨ ᠲᠦᠮᠡᠨ ᠳᠤ ᠨᠡᠩ ᠳᠥᠭᠦᠮ ᠳᠥᠲᠡ᠂ ᠨᠡᠩ ᠴᠢᠨᠠᠷ ᠰᠠᠶᠢᠲᠠᠢ᠂ ᠨᠡᠩ ᠥᠨᠳᠥᠷ  ᠪᠦᠲᠦᠮᠵᠢᠲᠡᠢ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ  ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠵᠦ ᠪᠠᠶᠢᠨ᠎ᠠ  ᠃            ᠬᠤᠶᠠᠷ᠂ ︽ᠮᠡᠳᠡᠭᠳᠡᠯ︾ ᠤᠨ ᠭᠤᠣᠯ ᠪᠣᠳᠣᠯᠬᠢᠯᠠᠯ            ︽ᠮᠡᠳᠡᠭᠳᠡᠯ︾ ᠳᠤ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠮᠵᠢᠯᠡᠵᠦ ᠪᠠᠶᠢᠭ᠎ᠠ  ᠪᠣᠳᠠᠲᠠᠢ ᠠᠰᠠᠭᠤᠳᠠᠯ ᠪᠠ ᠡᠮᠴᠢᠯᠡᠭᠡᠨ ᠤ ᠪᠠᠲᠤᠯᠠᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂  ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂  ᠳᠣᠣᠷᠠᠬᠢ ᠲᠠᠪᠤᠨ ᠲᠠᠯ᠎ᠠ ᠠᠴᠠ ᠪᠣᠳᠣᠯᠬᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ  ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂  ᠣᠳᠣᠬᠠᠨ ᠤ ᠲᠦᠭᠵᠢᠷᠡᠯ ᠤᠨ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠦᠢᠯᠡᠴᠢᠯᠡᠭᠡᠨ ᠤ ᠴᠢᠨᠠᠷ  ᠴᠢᠨᠰᠠᠭ᠎ᠠ ᠦᠷ᠎ᠡ ᠪᠦᠲᠦᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠪᠡ᠃ ᠨᠢᠭᠡ ᠳᠤ᠂ ᠭᠤᠭᠴᠤᠭ᠎ᠠ ᠶᠢ  ᠪᠠᠭᠠᠰᠬᠠᠵᠤ᠂ ᠡᠮᠴᠢᠯᠡᠭᠡᠨ ᠤ ᠪᠠᠲᠤᠯᠠᠭ᠎ᠠ ᠶᠢ ᠰᠢᠯᠵᠢᠭᠦᠯᠵᠦ ᠦᠷᠭᠦᠯᠵᠢᠯᠡᠭᠦᠯᠬᠦ ᠠᠵᠢᠯ ᠢ ᠲᠦᠷᠭᠡᠳᠬᠡᠪᠡ᠃ ᠣᠯᠠᠨ  ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠰᠢᠯᠵᠢᠭᠦᠯᠵᠦ ᠦᠷᠭᠦᠯᠵᠢᠯᠡᠭᠦᠯᠬᠦ ᠭᠠᠷᠳᠠᠮ ᠢ ᠭᠦᠢᠴᠡᠳᠬᠡᠬᠦ ᠨᠢ  ᠤᠳᠠᠭᠠᠨ ᠪᠠᠶᠢᠬᠤ ᠠᠰᠠᠭᠤᠳᠠᠯ ᠳᠤ ᠴᠢᠭᠯᠡᠭᠦᠯᠦᠨ᠂ ᠭᠦᠢᠴᠡᠳᠬᠡᠬᠦ ᠮᠠᠲ᠋ᠧᠷᠢᠶᠠᠯ ᠢ ᠴᠣᠮᠬᠠᠳᠬᠠᠵᠤ᠂ ᠰᠢᠯᠵᠢᠭᠦᠯᠦᠨ  ᠭᠠᠷᠭᠠᠬᠤ ᠭᠠᠵᠠᠷ ᠠᠴᠠ ︽ᠳᠠᠭᠠᠳᠬᠠᠯ ᠳᠤ ᠣᠷᠣᠯᠴᠠᠭᠰᠠᠨ ᠭᠡᠷᠡᠴᠢ︾ ᠭᠠᠷᠭᠠᠬᠤ ᠪᠠ ᠰᠢᠯᠵᠢᠭᠦᠯᠦᠨ ᠣᠷᠣᠭᠤᠯᠬᠤ  ᠭᠠᠵᠠᠷ ᠠᠴᠠ ︽ᠬᠠᠷᠢᠯᠴᠠᠬᠤ ᠵᠠᠬᠢᠳᠠᠯ︾ ᠭᠠᠷᠭᠠᠬᠤ ᠡᠨᠡ ᠬᠤᠶᠠᠷ ᠭᠦᠢᠴᠡᠳᠬᠡᠬᠦ ᠭᠤᠭᠴᠤᠭ᠎ᠠ ᠶᠢ ᠬᠦᠴᠦᠨ ᠦᠭᠡᠢ  ᠪᠣᠯᠭᠠᠵᠤ᠂ ᠤᠤᠯ ᠤᠨ 45 ᠠᠵᠢᠯ ᠤᠨ ᠡᠳᠦᠷ ᠢ 15 ᠠᠵᠢᠯ ᠤᠨ ᠡᠳᠦᠷ ᠪᠣᠯᠭᠠᠨ ᠪᠣᠭᠤᠨᠢᠰᠬᠠᠵᠤ᠂ ᠡᠮᠴᠢᠯᠡᠭᠡᠨ ᠤ  ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠶᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠦᠢᠯᠡᠴᠢᠯᠡᠭᠡ ᠶᠢ ᠨᠠᠪᠲᠠᠷᠡᠭᠦᠯᠵᠦ᠂ ᠣᠯᠠᠨ ᠲᠦᠮᠡᠨ ᠤ ᠰᠦᠯᠵᠢᠶᠡᠨ ᠳᠡᠭᠡᠷ᠎ᠡ ᠭᠤᠶᠤᠴᠢᠯᠠᠬᠤ ᠪᠠ ᠭᠦᠢᠴᠡᠳᠬᠡᠬᠦ  ᠠᠬᠢᠴᠠ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠪᠡ᠃ ᠬᠤᠶᠠᠷ ᠲᠤ᠂ ᠴᠤᠪᠤᠷᠠᠯ ᠢ ᠰᠢᠯᠢᠳᠡᠭᠵᠢᠭᠦᠯᠵᠦ᠂  ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠬᠤ ᠳᠤ ᠲᠥᠬᠦᠮ ᠦᠵᠡᠭᠦᠯᠪᠡ᠃ ᠤᠯᠤᠰ ᠤᠨ ᠡᠮᠴᠢᠯᠡᠭᠡᠨ ᠤ  ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ APP᠂ ᠤᠯᠤᠰ ᠤᠨ ᠣᠨᠳᠣᠣ ᠭᠠᠵᠠᠷ ᠲᠤ ᠡᠮᠴᠢᠯᠡᠭᠦᠯᠬᠦ ᠪᠠᠷ  ᠳᠠᠩᠰᠠᠯᠠᠭᠤᠯᠬᠤ ᠵᠢᠵᠢᠭ ᠫᠷᠣᠭ᠍ᠷᠡᠮ ᠳᠤ ᠲᠦᠰᠢᠭᠯᠡᠨ᠂ ᠳᠠᠭᠠᠳᠬᠠᠯ ᠳᠤ ᠣᠷᠣᠯᠴᠠᠭᠰᠠᠳ ᠤᠨ ᠰᠦᠯᠵᠢᠶᠡᠨ ᠳᠡᠭᠡᠷ᠎ᠡ  ᠣᠨᠳᠣᠣ ᠭᠠᠵᠠᠷ ᠲᠤ ᠳᠠᠩᠰᠠᠯᠠᠭᠤᠯᠬᠤ ᠶᠢ ᠭᠦᠢᠴᠡᠳᠬᠡᠬᠦ ᠳᠤ ᠲᠥᠬᠦᠮ ᠦᠵᠡᠭᠦᠯᠪᠡ︔ ᠨᠥᠬᠦᠨ ᠭᠦᠢᠴᠡᠳᠬᠡᠵᠦ  ᠳᠠᠩᠰᠠᠯᠠᠭᠤᠯᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ᠣᠨᠳᠣᠣ ᠭᠠᠵᠠᠷ ᠲᠤ ᠡᠮᠴᠢᠯᠡᠭᠦᠯᠬᠦ ᠣᠯᠠᠨ ᠲᠦᠮᠡᠨ ᠤ  ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠢ ᠬᠡᠪ ᠤᠨ ᠶᠣᠰᠣᠭᠠᠷ ᠭᠥᠷᠳᠡᠬᠦ ᠶᠢ ᠪᠠᠲᠤᠯᠠᠪᠠ︔ ᠳᠠᠩᠰᠠᠯᠠᠭᠤᠯᠬᠤ  ᠬᠡᠪᠴᠢᠶ᠎ᠡ ᠶᠢ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠡᠭᠦᠳᠡᠨ ᠡᠮᠨᠡᠯᠭᠡ ᠶᠢᠨ 5  ᠵᠦᠢᠯ ᠤᠨ ᠤᠳᠠᠭᠠᠨ ᠴᠢᠨᠠᠷᠲᠠᠢ ᠣᠨᠴᠠ ᠡᠪᠡᠳᠴᠢᠲᠡᠨ ᠬᠦᠷᠲᠡᠯ᠎ᠡ ᠥᠷᠭᠡᠳᠬᠡᠪᠡ︔ ᠣᠨᠳᠣᠣ ᠭᠠᠵᠠᠷ ᠲᠤ ᠦᠯᠦ  ᠳᠠᠩᠰᠠᠯᠠᠭᠤᠯᠤᠭᠰᠠᠨ ᠲᠦᠷᠭᠡᠨ ᠡᠮᠨᠡᠯᠭᠡ ᠳᠤ ᠪᠠᠴᠢᠮ ᠠᠪᠤᠷᠠᠬᠤ ᠳᠠᠭᠠᠳᠬᠠᠯ ᠳᠤ ᠣᠷᠣᠯᠴᠠᠭᠰᠠᠳ ᠢ  ᠳᠠᠩᠰᠠᠯᠠᠭᠤᠯᠤᠭᠰᠠᠨ ᠡᠪᠡᠳᠴᠢᠲᠡᠨ ᠲᠠᠢ ᠠᠳᠠᠯᠢ ᠪᠠᠷ ᠦᠵᠡᠵᠦ ᠪᠣᠯᠣᠨ᠎ᠠ︔ ᠣᠷᠳᠣ ᠬᠤᠭᠤᠴᠠᠭ᠎ᠠ ᠪᠠᠷ ᠮᠤᠵᠢ  ᠠᠯᠰᠤᠯᠠᠨ ᠰᠠᠭᠤᠷᠢᠰᠢᠭᠴᠢ ᠶᠢᠨ ᠳᠠᠩᠰᠠᠯᠠᠭᠤᠯᠤᠭᠰᠠᠨ ᠭᠠᠵᠠᠷ ᠪᠠ ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ  ᠬᠤᠣᠰ ᠴᠢᠭᠯᠡᠯ ᠢᠶᠠᠷ ᠬᠠᠷᠠᠭᠠᠯᠵᠠᠯ ᠭᠥᠷᠳᠡᠬᠦ ᠶᠢ ᠵᠥᠪᠰᠢᠶᠡᠷᠡᠨ᠎ᠡ᠃ ᠭᠤᠷᠪᠠ ᠳᠤ᠂ ᠦᠢᠯᠡᠴᠢᠯᠡᠭᠡ ᠶᠢ  ᠰᠢᠯᠢᠳᠡᠭᠵᠢᠭᠦᠯᠵᠦ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠪᠠᠨ ᠯᠠᠪᠯᠠᠬᠤ ᠳᠤ ᠳᠥᠭᠦᠮ  ᠦᠵᠡᠭᠦᠯᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ APP᠂  ᠰᠦᠯᠵᠢᠶᠡᠨ ᠤ ᠲᠠᠩᠬᠢᠮ ᠪᠤᠶᠤ ᠣᠷᠣᠨ ᠨᠤᠲᠤᠭ ᠤᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ  ᠵᠡᠷᠭᠡ ᠣᠯᠠᠨ ᠵᠦᠢᠯ ᠤᠨ ᠯᠠᠪᠯᠠᠬᠤ ᠠᠷᠭ᠎ᠠ ᠵᠠᠮ ᠢ ᠨᠡᠭᠡᠭᠡᠵᠦ᠂ ᠡᠮᠴᠢᠯᠡᠭᠡᠨ ᠤ ᠳᠠᠭᠠᠳᠬᠠᠯ ᠤᠨ ᠭᠠᠷᠲᠠᠨ  ᠭᠦᠢᠴᠡᠳᠬᠡᠬᠦ ᠲᠢᠩᠬᠢᠮ ᠪᠠ ᠨᠥᠬᠦᠴᠡᠯ ᠲᠠᠢ ᠪᠠᠩᠬᠢ ᠶᠢᠨ ᠡᠵᠡᠩᠨᠡᠯᠲᠡ ᠶᠢᠨ ᠲᠣᠣᠷ ᠴᠡᠭ᠂ ᠨᠡᠶᠢᠭᠡᠮ ᠲᠣᠭᠤᠷᠢᠭ ᠤᠨ  ᠦᠢᠯᠡᠴᠢᠯᠡᠭᠡᠨ ᠤ ᠲᠥᠪ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠵᠡᠷᠭᠡ ᠲᠠᠯᠠᠪᠤᠷ ᠭᠠᠵᠠᠷ ᠲᠤ  ᠡᠮᠴᠢᠯᠡᠭᠡᠨ ᠤ ᠳᠠᠭᠠᠳᠬᠠᠯ ᠤᠨ ᠥᠪᠡᠰᠦᠪᠡᠨ ᠦᠢᠯᠡᠴᠢᠯᠡᠬᠦ ᠲᠣᠭᠤᠷᠢᠭ ᠭᠠᠷᠭᠠᠵᠤ᠂ ᠣᠯᠠᠨ ᠲᠦᠮᠡᠨ ᠤ ᠥᠪᠡᠷ ᠤᠨ  ᠰᠦᠢᠳᠬᠡᠯ ᠲᠤᠰᠢᠶᠠᠭᠰᠠᠨ ᠲᠡᠮᠳᠡᠭᠯᠡᠯ᠂ ᠡᠮᠴᠢᠯᠡᠭᠡᠨ ᠤ ᠳᠠᠭᠠᠳᠬᠠᠯ ᠤᠨ ᠲᠠᠩᠰᠠᠨ ᠡᠷᠦᠬᠡ᠂ ᠡᠮᠴᠢᠯᠡᠭᠡᠨ ᠤ  ᠳᠠᠭᠠᠳᠬᠠᠯ ᠤᠨ ᠡᠮ ᠤᠨ ᠵᠦᠢᠯ ᠤᠨ ᠭᠠᠷᠴᠠᠭ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ  ᠦᠵᠡᠭᠦᠯᠪᠡ᠃ ᠳᠥᠷᠪᠡ ᠳᠤ᠂ ᠨᠢᠭᠡ ᠯᠡ ᠥᠷᠲᠡᠭᠡᠨ ᠳᠤ ᠭᠦᠢᠴᠡᠳᠬᠡᠵᠦ᠂ ᠡᠮᠴᠢᠯᠡᠭᠡᠨ ᠤ ᠪᠠᠲᠤᠯᠠᠭ᠎ᠠ ᠶᠢᠨ  ᠦᠢᠯᠡᠴᠢᠯᠡᠭᠡ ᠶᠢ ︽ᠨᠢᠭᠡ ᠯᠡ ᠴᠣᠩᠬᠤᠪᠴᠢ ᠪᠠᠷ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠪᠡ᠃ ᠤᠯᠠᠮᠵᠢᠯᠠᠯᠲᠤ  ᠦᠢᠯᠡᠴᠢᠯᠡᠭᠡᠨ ᠤ ᠴᠣᠩᠬᠤᠪᠴᠢ ᠶᠢᠨ ᠡᠭᠦᠷᠭᠡ ᠴᠢᠳᠠᠪᠬᠢ ᠨᠢ ᠲᠠᠩ ᠴᠤᠯᠭᠤᠢ᠂ ᠤᠯᠠᠷᠢᠯ ᠤᠨ ᠴᠢᠨᠠᠷᠲᠠᠢ ᠠᠵᠢᠯ  ᠶᠠᠪᠤᠳᠠᠯ ᠭᠦᠢᠴᠡᠳᠬᠡᠬᠦ ᠳᠤ ᠰᠢᠬᠠᠯᠳᠤᠬᠤ᠂ ᠣᠯᠠᠨ ᠲᠦᠮᠡᠨ ᠣᠯᠠᠨ ᠭᠠᠵᠠᠷ ᠲᠤ ᠭᠦᠶᠦᠬᠦ ᠵᠡᠷᠭᠡ ᠳᠤᠲᠠᠭᠳᠠᠯ ᠲᠠᠢ  ᠲᠠᠯ᠎ᠠ ᠳᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ  ᠴᠣᠩᠬᠤᠪᠴᠢ ᠶᠢᠨ ︽ᠶᠡᠷᠦᠩᠬᠡᠶᠢᠯᠡᠭᠰᠡᠨ ᠦᠢᠯᠡᠴᠢᠯᠡᠭᠡᠨ ᠤ ᠳᠦᠷᠢᠮ︾ ᠢ ᠠᠬᠢᠭᠤᠯᠵᠤ᠂ ᠴᠣᠩᠬᠤᠪᠴᠢ ᠳᠤ  ᠳᠠᠭᠠᠳᠬᠠᠯ ᠤᠨ ᠲᠥᠷᠥᠯ ᠵᠦᠢᠯ ᠢᠯᠭᠠᠬᠤ ᠦᠭᠡᠢ᠂ ᠤᠴᠢᠷ ᠶᠠᠪᠤᠳᠠᠯ ᠢᠯᠭᠠᠬᠤ ᠦᠭᠡᠢ᠂ ᠨᠢᠭᠡ ᠴᠣᠩᠬᠤᠪᠴᠢ ᠪᠠᠷ  ᠰᠢᠢᠳᠪᠦᠷᠢᠯᠡᠬᠦ᠂ ᠨᠢᠭᠡ ᠥᠷᠲᠡᠭᠡᠨ ᠤ ᠮᠠᠶ᠋ᠢᠭ ᠢᠶᠠᠷ ᠦᠢᠯᠡᠴᠢᠯᠡᠬᠦ ᠶᠢ ᠭᠦᠢᠴᠡᠳᠬᠡᠵᠦ᠂ ᠠᠷᠤ ᠲᠠᠪᠴᠠᠩ ᠳᠤ  ᠬᠤᠪᠢᠶᠠᠨ ᠭᠦᠢᠴᠡᠳᠬᠡᠵᠦ ᠬᠤᠯᠪᠤᠭᠠᠯᠠᠨ ᠭᠦᠢᠴᠡᠳᠬᠡᠵᠦ ᠲᠦᠷᠭᠡᠨ ᠭᠦᠢᠴᠡᠳᠬᠡᠬᠦ ᠶᠢ ᠠᠬᠢᠭᠤᠯᠪᠠ᠃ ᠲᠠᠪᠤ ᠳᠤ᠂  ᠭᠦᠶᠦᠯᠭᠡᠬᠦ ᠶᠢ ᠪᠠᠭᠠᠰᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ︽ᠰᠦᠯᠵᠢᠶᠡᠨ ᠳᠡᠭᠡᠷ᠎ᠡ  ᠭᠦᠢᠴᠡᠳᠬᠡᠬᠦ︾ ᠶᠢ ᠠᠬᠢᠭᠤᠯᠪᠠ᠃ ᠭᠠᠷᠲᠠᠨ ᠭᠦᠢᠴᠡᠳᠬᠡᠬᠦ ᠶᠢ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ  ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠠᠪᠴᠠᠩ ᠤᠨ ︽ᠬᠤᠪᠢ ᠬᠥᠮᠥᠨ ᠤ ᠰᠦᠯᠵᠢᠶᠡᠨ  ᠲᠠᠩᠬᠢᠮ︾ ︽ᠨᠢᠭᠡᠴᠢ ᠶᠢᠨ ᠰᠦᠯᠵᠢᠶᠡᠨ ᠲᠢᠩᠬᠢᠮ︾ ᠳᠤ ᠲᠦᠰᠢᠭᠯᠡᠨ᠂ ᠳᠠᠭᠠᠳᠬᠠᠯ ᠳᠤ ᠣᠷᠣᠯᠴᠠᠭᠰᠠᠨ ᠢ  ᠯᠠᠪᠯᠠᠬᠤ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠬᠤᠪᠢᠷᠠᠭᠤᠯᠬᠤ ᠵᠡᠷᠭᠡ ᠥᠨᠳᠥᠷ ᠳᠠᠪᠲᠠᠮᠵᠢᠲᠤ  ᠵᠦᠢᠯᠡᠰ ᠢ ︽ᠰᠦᠯᠵᠢᠶᠡᠨ ᠳᠡᠭᠡᠷ᠎ᠡ ᠭᠦᠢᠴᠡᠳᠬᠡᠬᠦ︾ ᠶᠢ ᠪᠡᠶᠡᠯᠡᠭᠦᠯᠵᠦ᠂ ︽ᠣᠯᠠᠨ ᠲᠦᠮᠡᠨ ᠢ ᠭᠦᠶᠦᠯᠭᠡᠬᠦ︾ ᠠᠴᠠ  ︽ᠲᠤᠭ᠎ᠠ ᠪᠠᠷᠢᠮᠲᠠ ᠶᠢ ᠭᠦᠶᠦᠯᠭᠡᠬᠦ︾ ᠪᠣᠯᠭᠠᠨ ᠬᠤᠪᠢᠷᠠᠭᠤᠯᠪᠠ᠃ ᠳ᠋ᠠᠶᠢᠲ᠋ᠠ ᠳᠤ ᠬᠦᠴᠦᠨ ᠣᠯᠭᠤᠬᠤ ᠳᠤ  ᠲᠦᠰᠢᠭᠯᠡᠨ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠪᠠᠷᠢᠮᠲᠠ ᠶᠢ ᠪᠥᠬᠦ ᠴᠤᠪᠤᠷᠠᠯ ᠳᠤ ᠬᠡᠷᠡᠭᠯᠡᠬᠦ ᠶᠢ  ᠠᠬᠢᠭᠤᠯᠤᠨ᠂ ᠣᠯᠠᠨ ᠲᠦᠮᠡᠨ ᠤ ︽ᠺᠣᠳ᠋︾ ᠢᠶᠠᠷ ᠡᠪᠡᠳᠴᠢᠨ ᠦᠵᠡᠭᠦᠯᠵᠦ ᠡᠮ ᠵᠠᠯᠠᠬᠤ ᠳᠤ ᠲᠥᠬᠦᠮ  ᠦᠵᠡᠭᠦᠯᠪᠡ᠃            ᠭᠤᠷᠪᠠ᠂ ︽ᠮᠡᠳᠡᠭᠳᠡᠯ︾ ᠢ ᠰᠠᠶᠢᠲᠤᠷ ᠨᠠᠶᠢᠳᠠᠪᠤᠷᠢᠵᠢᠭᠤᠯᠤᠨ᠎ᠠ            ᠲᠠᠷᠠᠭᠠᠴᠢ ᠶᠢᠨ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ  ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂  ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠶᠢ ᠦᠷᠭᠦᠯᠵᠢᠯᠡᠨ  ᠰᠢᠯᠢᠳᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠮᠵᠢ ᠶᠢ  ᠪᠦᠲᠦᠮᠵᠢᠲᠡᠢ ᠳᠡᠭᠡᠭᠰᠢᠯᠡᠭᠦᠯᠦᠨ᠎ᠡ᠃ ᠨᠢᠭᠡ ᠳᠤ᠂ ᠬᠢᠨᠠᠮᠠᠭᠠᠢ ᠮᠥᠷᠳᠡᠵᠦ᠂ ᠶᠡᠷᠦᠩᠬᠡᠶᠢᠯᠡᠨ ᠬᠦᠴᠦᠯᠡᠵᠦ᠂ ᠠᠷᠠᠳ ᠲᠤ  ᠲᠥᠬᠦᠮ ᠦᠵᠡᠭᠦᠯᠬᠦ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ 2023 ᠣᠨ ᠤ ᠡᠮᠴᠢᠯᠡᠭᠡᠨ ᠤ  ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠵᠢᠷᠤᠮᠵᠢᠭᠰᠠᠨ ᠪᠠᠶᠢᠭᠤᠯᠤᠯᠲᠠ ᠶᠢᠨ ᠠᠭᠤᠯᠭ᠎ᠠ ᠳᠤ  ᠣᠷᠣᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠷ ᠭᠠᠷᠲᠠᠨ ᠭᠦᠢᠴᠡᠳᠬᠡᠬᠦ ᠬᠠᠮᠢᠶᠠᠷᠤᠯᠲᠠ ᠦᠢᠯᠡᠴᠢᠯᠡᠭᠡᠨ ᠤ  ᠦᠨᠡᠯᠡᠨ ᠵᠢᠱᠢᠬᠦ ᠴᠢᠬᠤᠯᠠ ᠭᠦᠢᠴᠡᠳᠬᠡᠯ ᠲᠤᠭ᠎ᠠ ᠪᠣᠯᠭᠠᠵᠤ᠂ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ  ᠦᠵᠡᠭᠦᠯᠬᠦ ᠠᠩᠬᠠᠳᠠᠭᠴᠢ ᠪᠦᠯᠦᠭ ᠠᠷᠪᠠᠨ ᠵᠢᠷᠭᠤᠭᠠᠨ ᠵᠦᠢᠯ ᠤᠨ ᠠᠷᠭ᠎ᠠ ᠬᠡᠮᠵᠢᠶ᠎ᠡ ᠶᠢ ᠡᠯ᠎ᠡ ᠭᠠᠵᠠᠷ ᠲᠤ  ᠲᠦᠷᠭᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠬᠤᠶᠠᠷ ᠲᠤ᠂ ᠡᠯ᠎ᠡ  ᠭᠠᠵᠠᠷ ᠠᠴᠠ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠨᠡᠶᠢᠲᠡᠯᠢᠭ  ᠠᠷᠭ᠎ᠠ ᠬᠢᠳᠡᠯ ᠪᠠ ᠲᠤᠷᠰᠢᠯᠭ᠎ᠠ ᠶᠢ ᠴᠤᠭᠯᠠᠭᠤᠯᠵᠤ᠂ ᠡᠯ᠎ᠡ ᠭᠠᠵᠠᠷ ᠤᠨ ᠣᠨᠴᠠᠯᠢᠭᠲᠤ ᠠᠷᠭ᠎ᠠ ᠬᠢᠳᠡᠯ᠂ ᠲᠤᠷᠰᠢᠯᠭ᠎ᠠ  ᠦᠷ᠎ᠡ ᠪᠦᠲᠦᠮᠵᠢ ᠶᠢ ᠳ᠋ᠦᠩᠨᠡᠵᠦ᠂ ᠪᠥᠬᠦ ᠤᠯᠤᠰ ᠤᠨ ᠬᠡᠪᠴᠢᠶᠡᠨ ᠳᠤ ᠳᠡᠯᠭᠡᠷᠡᠭᠦᠯᠦᠨ᠎ᠡ᠃ ᠭᠤᠷᠪᠠ ᠳᠤ᠂  ᠦᠨᠳᠦᠰᠦᠨ ᠱᠠᠲᠤᠨ ᠤ ᠪᠠᠶᠢᠴᠠᠭᠠᠨ ᠰᠤᠳᠤᠯᠤᠯᠲᠠ ᠪᠠ ᠰᠦᠯᠵᠢᠶᠡᠨ ᠤ ᠢᠷᠭᠡᠳ ᠤᠨ ᠰᠠᠨᠠᠭᠤᠯᠭ᠎ᠠ ᠶᠢ  ᠦᠨᠳᠦᠰᠦᠯᠡᠨ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠢᠴᠢᠯ  ᠥᠭᠡᠷᠡᠴᠢᠯᠡᠯᠲᠡ ᠪᠢᠴᠢᠯ ᠰᠢᠨᠡᠴᠢᠯᠡᠯᠲᠡ ᠬᠢᠬᠦ‍ ᠨᠢᠭᠡ ᠪᠦᠯᠦᠭ ᠲᠤᠷᠰᠢᠯᠲᠠ ᠶᠢ ᠥᠷᠨᠢᠭᠦᠯᠵᠦ᠂ ᠦᠢᠯᠡᠴᠢᠯᠡᠭᠡᠨ ᠤ  ᠵᠠᠭᠪᠤᠷ ᠲᠤ ᠰᠢᠨ᠎ᠡ ᠶᠢ ᠡᠭᠦᠳᠴᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠠᠷᠠᠳ ᠲᠤ ᠳᠥᠭᠦᠮ  ᠦᠵᠡᠭᠦᠯᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号