ᠬᠡᠥᠬᠡᠨ ᠠᠭᠤᠯᠠ ᠵᠡᠭᠡᠯᠢ ᠶᠢᠨ ᠨᠡᠶᠢᠭᠡᠮ ᠲᠤᠭᠤᠷᠢᠭ ᠬᠤᠯᠪᠤᠭᠠᠳᠦ ᠨᠠᠮ ᠤᠨ ᠬᠤᠷᠢᠶ᠎ᠠ ᠶᠢᠨ ᠪᠠᠷᠠᠭᠤᠨ ᠠᠵᠦ ᠠᠦᠶᠢᠯᠡᠳᠪᠦᠷᠢ ᠶᠢᠨ ᠲᠤᠭᠤᠷᠢᠭ ᠲᠠᠢ ᠬᠠᠮᠳᠦ ᠭᠤᠤᠯ ᠰᠡᠳᠦᠪᠳᠦ ᠨᠠᠮ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/8/17
      8 ᠰᠠᠷ᠎ᠠ ᠶᠢᠨ 17  ᠤ ᠦᠳᠡ ᠶᠢᠨ ᠬᠤᠶᠢᠨ᠎ᠡ᠂ ᠬᠡᠤᠬᠡᠨ ᠠᠭᠤᠯᠡ ᠵᠡᠭᠡᠯᠢ ᠶᠢᠨ ᠨᠡᠶᠢᠭᠡᠮ ᠲᠣᠭᠤᠷᠢᠭ ᠬᠤᠯᠪᠤᠭᠠᠳᠤ ᠨᠠᠮ ᠤᠨ ᠬᠤᠷᠢᠶ᠎ᠠ ᠶᠢᠨ ᠪᠠᠷᠠᠭᠤᠨ ᠠᠵᠤ ᠦᠢᠯᠡᠳᠪᠦᠷᠢ ᠶᠢᠨ ᠲᠣᠭᠤᠷᠢᠭ ᠲᠠᠢ ᠬᠠᠮᠲᠤ ᠪᠠᠷ ᠨᠠᠮ ᠤᠨ ᠪᠠᠶᠢᠭᠤᠯᠤᠯᠲᠠ ᠶᠢᠨ ᠬᠦᠴᠦ ᠪᠠᠨ ᠬᠠᠮᠲᠤᠳᠬᠠᠨ ᠬᠠᠮᠲᠤ ᠪᠠᠷ ᠪᠠᠶᠢᠭᠤᠯᠵᠤ ᠬᠠᠮᠲᠤ ᠪᠠᠷ ᠬᠤᠯᠪᠤᠭᠠᠯᠠᠬᠤ ᠬᠥᠭᠵᠢᠯᠲᠡ ᠶᠢ ᠠᠬᠢᠭᠤᠯᠬᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠳᠤ᠂ ᠨᠠᠮ ᠤᠨ ᠭᠡᠰᠢᠭᠦᠨ ᠵᠢᠴᠢ ᠠᠵᠢᠯᠲᠠᠳ ᠪᠠᠲᠤᠬᠠᠭᠠᠯᠭ᠎ᠠ ᠪᠠᠯᠭᠠᠰᠤᠨ ᠤ ᠡᠮᠦᠨ᠎ᠡ ᠠᠭᠤᠯᠠ ᠶᠢᠨ ᠠᠭᠠᠷ ᠤᠨ ᠰᠡᠷᠭᠡᠶᠢᠯᠡᠯᠲᠡ ᠶᠢᠨ ᠠᠭᠤᠢ ᠵᠢᠴᠢ ᠬᠤᠩᠭᠤᠷᠳᠡᠯ᠎ᠡ ᠬᠤᠪᠢᠰᠬᠠᠯᠳᠤ ᠦᠵᠡᠭᠦᠯᠦᠯᠭᠡ ᠶᠢᠨ ᠲᠢᠩᠬᠢᠮ᠂ ᠠᠷᠠᠳ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ  ᠵᠡᠷᠭᠡ ᠭᠠᠵᠡᠷ ᠢᠶᠠᠷ ᠲᠣᠭᠤᠷᠢᠨ ᠦᠵᠡᠵᠦ ᠰᠤᠷᠤᠯᠴᠠᠪᠠ᠃      ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠨ᠂ ᠨᠠᠮ ᠤᠨ ᠭᠡᠰᠢᠭᠦᠨ ᠺᠠᠳ᠋ᠷᠴᠤᠳ ᠲᠡᠦᠬᠡ ᠶᠢ ᠪᠡᠶᠡᠴᠢᠯᠡᠨ ᠣᠶᠢᠯᠠᠭᠠᠵᠤ᠂ ᠬᠠᠷᠠᠭ᠎ᠠ ᠪᠠᠨ ᠦᠷᠭᠡᠳᠭᠡᠭᠰᠡᠨ ᠢᠶᠠᠷ ᠪᠠᠷᠠᠬᠤ ᠦᠭᠡᠢ ᠪᠠᠰᠡ ᠨᠢᠭᠡ ᠤᠳᠠᠭᠠᠨ ᠤ ᠦᠵᠡᠯ ᠰᠠᠨᠠᠭᠠᠨ ᠤ ᠤᠬᠢᠶᠠᠯ᠂ ᠨᠠᠮᠴᠢ ᠴᠢᠨᠠᠷ ᠤᠨ ᠬᠥᠮᠦᠵᠢᠯ ᠢ ᠬᠦᠷᠳᠡᠵᠠᠢ᠃ ᠮᠦᠨᠴᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠰᠢᠨ᠎ᠡ ᠠᠶᠠᠨ ᠵᠠᠮ ᠳᠤ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠨᠠᠮ ᠤᠨ ᠭᠡᠰᠢᠭᠦᠨ ᠺᠠᠳ᠋ᠷᠴᠤᠳ ᠤᠨ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ ᠵᠤᠷᠢᠭ ᠰᠠᠨᠠᠭ᠎ᠠ ᠶᠢ ᠪᠠᠳᠠᠷᠠᠭᠤᠯᠬᠤ ᠣᠶᠤᠨ ᠰᠠᠨᠠᠭᠠᠨ ᠤ ᠬᠦᠷᠳᠡᠭᠡᠯ ᠤᠯᠤᠭᠰᠠᠨ ᠪᠠᠶᠢᠨ᠎ᠠ᠃
2.jpg
      ᠬᠤᠶᠢᠰᠢᠳᠠ᠂ ᠬᠡᠤᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠣᠯᠠᠨ ᠵᠦᠢᠯ ᠤᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠬᠠᠮᠲᠤ ᠪᠠᠷ ᠪᠠᠶᠢᠭᠤᠯᠬᠤ ᠬᠦᠴᠦᠨ ᠢ ᠨᠢᠭᠲᠠᠷᠠᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠰᠢᠨ᠎ᠡ ᠪᠠᠶᠢᠷᠢᠰᠢᠯ ᠢ ᠤᠯᠠᠮ ᠨᠢᠭᠡ ᠠᠯᠬᠤᠮ ᠪᠦᠷᠢᠯᠳᠤᠬᠦᠯᠬᠦ ᠪᠤᠯᠤᠨ᠎ᠡ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号