2023 ᠤᠨ ᠤ ᠦᠪᠡᠷᠳᠡᠭᠡᠨ ᠵᠠᠰᠠᠬᠤ ᠤᠷᠤᠨ ᠤ ᠰᠠᠯᠬᠢᠨ ᠬᠦᠴᠦᠨ ᠤ ᠴᠠᠬᠢᠯᠭᠠᠨ ᠤ ᠰᠡᠯᠪᠢᠨ ᠵᠠᠰᠠᠬᠤ ᠠᠵᠢᠯᠳᠠᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠳᠤ ᠶᠠᠪᠤᠭᠳᠠᠭᠰᠠᠨ
ᠨᠡᠶᠢᠲᠡᠯᠡᠭᠰᠡᠨ ᠴᠠᠭ᠄
2023/8/18
      ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠨ ᠢᠳᠡᠪᠬᠢᠲᠡᠢ ᠪᠠᠷ ᠤᠷᠤᠭᠰᠢᠯᠠᠨ ᠲᠠᠪᠰᠢᠬᠤ ᠥᠨᠳᠥᠷ ᠬᠡᠪ ᠪᠣᠯᠪᠠᠰᠤᠷᠠᠯ ᠲᠠᠢ ᠂ ᠥᠨᠳᠥᠷ ᠬᠢᠷᠢ ᠲᠦᠪᠰᠢᠨ ᠲᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠠᠷᠢᠭᠤᠨ ᠴᠡᠪᠡᠷ ᠰᠠᠯᠬᠢᠨ ᠬᠦᠴᠦᠨ ᠤ ᠴᠠᠬᠢᠯᠭᠠᠨ ᠤ ᠡᠨᠧᠷᠭᠢ ᠶᠢᠨ ᠠᠵᠤ ᠦᠢᠯᠡᠰ ᠤᠨ ᠰᠠᠭᠤᠷᠢᠨ ᠢ ᠪᠠᠶᠢᠭᠤᠯᠬᠤ ᠶᠢᠨ ᠲᠦᠯᠦᠭᠡ 8 ᠰᠠᠷ᠎ᠠ ᠶᠢᠨ 17᠂ 18 ᠤ ᠬᠤᠶᠠᠷ ᠡᠳᠦᠷ ᠬᠤᠸᠠ ᠳ᠋ᠢᠶᠠᠨ ᠪᠠᠶᠠᠨ ᠤ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠳᠤ᠂ 2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ ᠤ ᠰᠡᠯᠪᠢᠨ ᠵᠠᠰᠠᠬᠤ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠶᠠᠪᠤᠭᠳᠠᠭᠤᠯᠪᠠ᠃  
微信图片_20230822110806_1.png
      ᠤᠷᠤᠯᠳᠤᠭᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠵᠣᠬᠢᠶᠠᠨ ᠪᠠᠶᠢᠭᠤᠯᠬᠤ ᠵᠦᠪᠯᠡᠯ ᠠᠴᠠ ᠭᠤᠣᠯᠯᠠᠨ ᠡᠷᠭᠢᠯᠡᠵᠦ᠂ ᠪᠤᠭᠤᠲᠤ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠠᠭᠠᠭᠠᠴᠢᠯᠠᠨ ᠡᠷᠭᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠬᠤᠸᠠ ᠳ᠋ᠢᠶᠠᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠯᠠᠨ ᠲᠦᠮᠡᠨ ᠤ ᠪᠦᠯᠬᠦᠮ ᠤᠨ ᠰᠠᠯᠠᠭ᠎ᠠ ᠮᠥᠴᠢᠷ ᠬᠠᠮᠵᠢᠯᠴᠠᠨ ᠡᠷᠭᠢᠯᠡᠪᠡ᠃      ᠤᠷᠤᠯᠳᠤᠭᠠᠨ ᠨᠢ ᠤᠨᠤᠯ ᠤᠨ ᠰᠢᠯᠭᠠᠯᠲᠠ ᠶᠢᠨ ᠤᠷᠤᠯᠳᠤᠭᠠᠨ᠂ ᠠᠮᠤᠷ ᠲᠦᠪᠰᠢᠨ ᠤ ᠳᠠᠯᠳᠠ ᠭᠡᠮ ᠢ ᠰᠢᠢᠳᠪᠦᠷᠢᠯᠡᠬᠦ ᠤᠷᠤᠯᠳᠤᠭᠠᠨ᠂ ᠰᠠᠯᠬᠢᠨ ᠬᠦᠴᠦᠨ ᠤ ᠴᠠᠬᠢᠯᠭᠠᠨ ᠬᠦᠷᠳᠦ ᠶᠢ ᠰᠡᠯᠪᠢᠨ ᠵᠠᠰᠠᠬᠤ ᠤᠷᠤᠯᠳᠤᠭᠠᠨ ᠭᠡᠬᠦ ᠭᠤᠷᠪᠠᠨ ᠲᠦᠷᠦᠯ ᠢᠶᠠᠷ ᠶᠠᠪᠤᠭᠳᠠᠨ᠂ ᠨᠡᠶᠢᠲᠡ 22 ᠠᠵᠤ ᠠᠬᠤᠶᠢᠯᠠᠯ ᠤᠨ 64 ᠤᠷᠤᠯᠴᠠᠭᠴᠢ ᠤᠷᠤᠯᠴᠠᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠤᠬᠢ ᠰᠠᠶᠢᠨ ᠬᠢᠷᠢ ᠲᠦᠪᠰᠢᠨ ᠪᠦᠬᠦᠢ ᠴᠢᠳᠠᠪᠤᠷᠢᠲᠠᠨ ᠤ ᠡᠩᠨᠡᠭᠡ ᠲᠠᠢ ᠠᠵᠤ ᠠᠬᠤᠶᠢᠯᠠᠯ ᠤᠨ ᠳᠦᠷᠢ ᠳᠦᠷᠬᠦ ᠶᠢ ᠳᠡᠯᠭᠡᠨ ᠬᠠᠷᠠᠭᠤᠯᠵᠤ ᠴᠢᠳᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号