ᠲᠠᠷᠬᠠᠨ ᠮᠤᠤᠤᠮᠢᠩᠭᠠᠨ ᠬᠤᠯᠪᠤᠭᠠᠳᠦ ᠬᠤᠰᠢᠭᠤᠨ ᠤ ᠣᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠠᠳᠤᠬᠠᠭᠠᠯᠭ᠎ᠠ ᠶᠢᠨ ᠲᠤᠮᠳᠠᠳᠦ ᠰᠤᠷᠭᠠᠭᠤᠯᠢ ᠶᠢᠨ ᠰᠢᠨ᠎ᠡ ᠰᠤᠷᠤᠭᠴᠢᠳ ᠲᠤ ᠪᠠᠴᠢᠮ ᠪᠠᠶᠢᠳᠠᠯ ᠢ ᠠᠷᠭᠠᠴᠠᠵᠦ ᠠᠪᠤᠷᠠᠬᠤ ᠮᠡᠳᠡᠯᠭᠡ ᠶᠢᠨ ᠪᠤᠯᠪᠠᠰᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2023/8/22
      ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠨ ᠠᠪᠤᠷᠠᠬᠤ ᠮᠡᠳᠡᠯᠭᠡ ᠪᠣᠯᠣᠨ ᠣᠶᠢᠯᠠᠭᠠᠭᠳᠠᠬᠤᠨ ᠢ ᠥᠷᠭᠡᠨ ᠢᠶᠠᠷ ᠤᠯᠠᠮᠵᠢᠯᠠᠵᠤ᠂ ᠵᠠᠯᠠᠭᠤᠴᠤᠳ ᠪᠠᠭᠠᠴᠤᠳ ᠤᠨ ᠪᠠᠴᠢᠮ ᠪᠠᠶᠢᠳᠠᠯ ᠢ ᠠᠷᠭᠠᠴᠠᠨ ᠠᠪᠤᠷᠠᠬᠤ ᠮᠡᠷᠭᠡᠵᠢᠯ ᠴᠢᠳᠠᠪᠤᠷᠢ ᠪᠣᠯᠣᠨ ᠥᠪᠡᠷ ᠢ ᠪᠠᠨ ᠠᠪᠤᠷᠠᠨ ᠬᠠᠷᠢᠯᠴᠠᠨ ᠬᠠᠪᠰᠤᠷᠠᠯᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠠᠮᠢ ᠨᠠᠰᠤ ᠡᠷᠡᠭᠦᠯ ᠮᠡᠨᠳᠦ ᠶᠢ ᠦᠨᠡᠨᠬᠦ ᠬᠠᠮᠠᠭᠠᠯᠠᠬᠤ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠲᠤᠬᠠᠭᠠᠯᠭ᠎ᠠ ᠶᠢᠨ ᠳᠤᠮᠳᠠᠳᠤ ᠰᠤᠷᠭᠠᠭᠤᠯᠢ ᠳᠤ ᠪᠠᠴᠢᠮ ᠪᠠᠶᠢᠳᠠᠯ ᠢ ᠠᠷᠭᠠᠴᠠᠨ ᠠᠪᠤᠷᠠᠬᠤ ᠮᠡᠳᠡᠯᠭᠡ ᠶᠢᠨ ᠪᠣᠯᠪᠠᠰᠤᠷᠠᠯ ᠡᠷᠬᠢᠯᠡᠨ 150 ᠭᠠᠷᠤᠢ ᠰᠤᠷᠤᠭᠴᠢᠳ ᠣᠷᠤᠯᠴᠠᠭᠰᠠᠨ ᠪᠠᠶᠢᠨ᠎ᠠ᠃
微信图片_20230822152950_1.png
      ᠲᠣᠰ ᠤᠳᠠᠭᠠᠨ ᠤ ᠪᠣᠯᠪᠠᠰᠤᠷᠠᠯ  ᠨᠢ ᠰᠤᠷᠤᠭᠴᠢᠳ ᠲᠤ ᠣᠨᠣᠯ ᠤᠨ ᠪᠠ ᠦᠢᠯᠡᠳᠦᠯᠭᠡ ᠶᠢᠨ ᠵᠢᠯᠣᠭᠤᠳᠤᠯᠭ᠎ᠠ ᠬᠢᠵᠦ᠂ PPT ᠤᠨᠤᠯ ᠤᠨ ᠲᠠᠶᠢᠯᠤᠮᠵᠢ ᠪᠠ ᠲᠤᠬᠠᠢ ᠶᠢᠨ ᠲᠠᠯᠠᠪᠠᠢ ᠶᠢᠨ ᠪᠣᠳᠠᠲᠤ ᠪᠣᠯᠪᠠᠰᠤᠷᠠᠯ ᠤᠨ ᠵᠢᠱᠢᠶ᠎ᠡ ᠦᠵᠡᠭᠦᠯᠬᠦ ᠠᠷᠭ᠎ᠠ ᠪᠠᠷ ᠡᠯ᠎ᠡ ᠵᠦᠢᠯ ᠤᠨ ᠭᠡᠨᠡᠳᠲᠡ ᠶᠢᠨ ᠬᠡᠷᠡᠭ ᠤᠨ ᠲᠦᠷᠭᠡᠨ ᠠᠪᠤᠷᠠᠯᠲᠠ᠂ ᠡᠯ᠎ᠡ ᠵᠦᠢᠯ ᠤᠨ ᠪᠣᠭᠤᠬᠤ ᠠᠷᠭ᠎ᠠ᠂ ᠵᠢᠷᠦᠬᠡ ᠠᠭᠤᠰᠬᠢᠨ ᠤ ᠠᠵᠢᠯᠯᠠᠭ᠎ᠠ ᠶᠢ ᠰᠡᠷᠭᠦᠭᠡᠬᠦ ᠪᠠ AED ︵ᠪᠡᠶ᠎ᠡ ᠶᠢᠨ ᠭᠠᠳᠠᠨᠠᠬᠢ ᠴᠡᠴᠡᠷᠡᠯ ᠠᠷᠢᠯᠭᠠᠭᠤᠷ︶ ᠶᠢ ᠵᠥᠪ ᠬᠡᠷᠡᠭᠯᠡᠬᠦ ᠶᠢ ᠭᠤᠣᠯᠳᠠᠯᠭ᠎ᠠ ᠲᠠᠢ ᠵᠢᠭᠠᠵᠤ᠂ ᠲᠠᠶᠢᠯᠤᠮᠵᠢ ᠬᠢᠬᠦ᠂ ᠵᠢᠱᠢᠶ᠎ᠡ ᠦᠵᠡᠭᠦᠯᠬᠦ᠂ ᠵᠢᠯᠣᠭᠤᠳᠤᠯᠭ᠎ᠠ ᠬᠢᠬᠦ᠂ ᠪᠣᠳᠠᠲᠠᠢ ᠪᠣᠯᠪᠠᠰᠤᠷᠠᠯ ᠤᠨ ᠰᠣᠷᠢᠯᠲᠠ ᠬᠢᠬᠦ ᠶᠢᠨ ᠬᠠᠮᠲᠤ ᠣᠳᠣᠬᠠᠨ ᠤ ᠦᠶᠡᠷ ᠢ ᠰᠡᠷᠭᠡᠶᠢᠯᠡᠬᠦ ᠬᠤᠭᠤᠴᠠᠭᠠᠨ ᠳᠤ ︽ᠤᠰᠤᠨ ᠳᠤ ᠵᠢᠪᠬᠦ ᠠᠴᠠ ᠰᠡᠷᠭᠡᠶᠢᠯᠡᠬᠦ︾ ᠪᠠᠴᠢᠮ ᠪᠠᠶᠢᠳᠠᠯ ᠢ ᠠᠷᠭᠠᠴᠠᠵᠤ ᠠᠪᠤᠷᠠᠬᠤ ᠮᠡᠳᠡᠯᠭᠡ ᠶᠢᠨ ᠲᠠᠯ᠎ᠠ ᠪᠠᠷ ᠲᠠᠶᠢᠯᠤᠮᠵᠢ ᠬᠢᠵᠡᠢ᠃       ᠲᠣᠰ ᠤᠳᠠᠭᠠᠨ ᠤ ᠪᠣᠯᠪᠠᠰᠤᠷᠠᠯ  ᠢᠶᠠᠷ ᠳᠡᠮᠵᠢᠨ᠂ ᠰᠤᠷᠤᠭᠴᠢᠳ ᠲᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠦᠨᠳᠦᠰᠦᠨ ᠮᠡᠳᠡᠯᠭᠡ ᠴᠢᠳᠠᠪᠤᠷᠢ ᠶᠢ ᠡᠵᠡᠮᠰᠢᠭᠦᠯᠵᠦ᠂ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠭᠡᠨᠡᠳᠲᠡ ᠶᠢᠨ ᠭᠠᠢ ᠭᠠᠮᠰᠢᠭ ᠪᠠ ᠰᠢᠷᠬᠠᠲᠤᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠬᠥᠮᠥᠡᠯᠢᠭ ᠶᠣᠰᠣ᠂ ᠲᠦᠭᠡᠮᠡᠯ ᠬᠠᠶᠢᠷ᠎ᠠ᠂ ᠬᠠᠷᠠᠮ ᠦᠭᠡᠢ ᠵᠢᠳᠬᠦᠬᠦ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠬᠥᠮᠥᠨ ᠪᠣᠯᠭᠠᠨ ᠲᠦᠷᠭᠡᠨ ᠠᠪᠤᠷᠠᠯᠲᠠ ᠶᠢ ᠰᠤᠷᠴᠤ᠂ ᠬᠥᠮᠥᠨ ᠪᠣᠯᠭᠠᠨ ᠤ ᠲᠥᠯᠥᠭᠡ ᠲᠦᠷᠭᠡᠨ ᠠᠪᠤᠷᠠᠬᠤ︾ ᠠᠪᠤᠷᠠᠨ ᠲᠤᠰᠠᠯᠠᠬᠤ ᠣᠶᠢᠯᠠᠭᠠᠭᠳᠠᠬᠤᠨ ᠢ ᠤᠯᠠᠮᠵᠢᠯᠠᠨ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠠᠬᠢᠭᠤᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号