ᠪᠢᠴᠢᠬᠠᠨ ᠪᠦᠮᠪᠦᠭᠡᠴᠢᠳ ᠠᠮᠠᠷᠠᠯᠳᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ ᠦᠩᠭᠡᠷᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2023/8/22
      8 ᠰᠠᠷ᠎ᠠ ᠶᠢᠨ 19 ᠤ ᠡᠳᠦᠷ ᠠᠴᠠ 22 ᠤ ᠡᠳᠦᠷ ᠪᠤᠯᠳᠠᠯ᠎ᠠ ᠳᠠᠷᠬᠠᠨ ᠬᠦᠯ ᠪᠦᠮᠪᠦᠭᠡ ᠶᠢᠨ ᠺᠯᠦ᠋ᠪ ᠤᠨ ᠪᠠᠭᠠᠴᠤᠳ ᠤᠨ ᠪᠤᠯᠪᠠᠰᠤᠷᠠᠯ ᠤᠨ ᠪᠠᠭ ᠤᠨ ᠬᠢᠨ ᠬᠦᠪᠡᠭᠡᠳᠦ ᠰᠢᠷ᠎ᠠ ᠬᠤᠰᠢᠭᠤᠨ ᠤ ᠵᠠᠯᠠᠭᠤ ᠪᠠᠭᠠᠴᠤᠳ ᠤᠨ ᠬᠦᠯ ᠪᠦᠮᠪᠦᠭᠡ ᠶᠢᠨ ᠺᠯᠦ᠋ᠪ ᠬᠢᠨ ᠲᠠᠢ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠳᠤ ᠲᠦᠷᠪᠡᠨ ᠡᠳᠦᠷ ᠤᠨ ᠬᠤᠭᠤᠴᠠᠭ᠎ᠠ ᠲᠠᠢ ᠬᠦᠯ ᠪᠦᠮᠪᠦᠭᠡ ᠶᠢᠨ ᠪᠤᠯᠪᠠᠰᠤᠷᠠᠯ ᠵᠢᠴᠢ ᠨᠦᠬᠦᠷᠯᠡᠯ ᠤᠨ ᠤᠷᠤᠯᠳᠤᠭᠠᠨ ᠶᠠᠪᠤᠭᠳᠠᠭᠤᠯᠵᠠᠢ᠃      ᠲᠤᠰ ᠤᠳᠠᠭᠠᠨ ᠤ ᠪᠤᠯᠪᠠᠰᠤᠷᠠᠯ ᠳᠤ 7 ᠠᠴᠠ 9 ᠨᠠᠰᠤᠨ ᠤ ᠲᠦᠴᠢ ᠭᠠᠷᠤᠢ ᠭᠡᠤᠭᠡᠳ ᠤᠳ ᠤᠷᠤᠯᠴᠠᠨ᠂ ᠮᠠᠨ ᠤ ᠬᠤᠰᠢᠭᠤᠨ ᠤ ᠳᠠᠷᠬᠠᠨ ᠬᠦᠯ ᠪᠦᠮᠪᠦᠭᠡ ᠶᠢᠨ ᠺᠯᠦ᠋ᠪ ᠤᠨ ᠭᠤᠴᠢ ᠭᠠᠷᠤᠢ ᠪᠢᠴᠢᠬᠠᠨ ᠲᠠᠮᠢᠷᠴᠢᠳ ᠬᠦᠪᠡᠭᠡᠳᠦ ᠰᠢᠷ᠎ᠠ ᠬᠤᠰᠢᠭᠤᠨ ᠤ ᠵᠠᠯᠠᠭᠤ ᠪᠠᠭᠠᠴᠤᠳ ᠤᠨ ᠬᠦᠯ ᠪᠦᠮᠪᠦᠭᠡ ᠶᠢᠨ ᠺᠯᠦ᠋ᠪ ᠤᠨ 12 ᠪᠢᠴᠢᠬᠠᠨ ᠪᠦᠮᠪᠦᠭᠡᠴᠢᠳ ᠲᠠᠢ 12 ᠲᠠᠯᠠᠪᠤᠷ ᠨᠦᠬᠦᠷᠯᠡᠯ ᠤᠨ ᠤᠷᠤᠯᠳᠤᠭᠠᠨ ᠶᠠᠪᠤᠬᠳᠠᠭᠤᠯᠵᠤ᠂ ᠬᠤᠶᠠᠷ ᠪᠠᠭ ᠤᠨ ᠲᠠᠮᠢᠷᠴᠢᠳ ᠬᠠᠮᠳᠤᠪᠠᠷ ᠪᠤᠯᠪᠠᠰᠤᠷᠠᠯ ᠰᠤᠷᠢᠭ᠎ᠠ ᠪᠠᠨ ᠲᠡᠭᠡᠭᠰᠢᠯᠡᠭᠦᠯᠭᠦᠰᠡᠨ ᠪᠠᠶᠢᠨ᠎ᠠ᠃      ᠬᠦᠯ ᠪᠦᠮᠪᠦᠬᠡᠨ ᠳᠤ ᠪᠠᠭ᠋ᠠᠳᠠᠢ ᠪᠢᠴᠢᠬᠠᠨ ᠲᠠᠮᠢᠷᠴᠢᠳ ᠮᠠᠨᠢ ᠲᠤᠰ ᠤᠳᠠᠭᠠᠨ ᠤ ᠨᠦᠬᠦᠷᠯᠡᠯ ᠤᠨ ᠤᠷᠤᠯᠳᠤᠭᠠᠨ ᠢᠶᠠᠷ ᠲᠠᠮᠵᠢᠨ ᠪᠦᠮᠪᠦᠭᠡ ᠢᠰᠭᠦᠯᠬᠦ ᠮᠡᠷᠭᠡᠵᠢᠯ ᠢᠶᠠᠨ ᠲᠡᠭᠡᠭᠰᠢᠯᠡᠭᠦᠯᠵᠦ ᠬᠠᠷᠢᠯᠴᠠᠨ ᠰᠤᠷᠤᠯᠴᠠᠬᠰᠠᠨ ᠢᠶᠠᠷ ᠪᠠᠷᠠᠬᠤ ᠦᠬᠡᠢ ᠲᠤᠩ ᠤᠯᠠᠨ ᠰᠢᠨ᠎ᠡ ᠨᠠᠶᠢᠵᠠ ᠲᠠᠢ ᠲᠠᠨᠢᠯᠴᠠᠵᠤ ᠡᠷᠴᠢ ᠵᠤᠷᠢᠭ ᠢᠶᠠᠨ ᠨᠡᠮᠡᠭᠳᠡᠭᠦᠯᠦᠨ᠂ ᠨᠦᠭᠦᠷᠯᠡᠯ ᠢᠶᠠᠨ ᠪᠠᠳᠤᠳᠬᠠᠵᠤ᠂ ᠠᠮᠠᠷᠠᠯᠳᠠ ᠶᠢᠨ ᠬᠤᠭᠤᠴᠠᠭ᠎ᠠ ᠪᠠᠨ ᠤᠳᠬ᠎ᠠ ᠠᠭᠤᠯᠭ᠎ᠠ ᠲᠠᠢ᠂ ᠤᠯᠤᠯᠳᠠ ᠠᠮᠵᠢᠯᠳᠠ ᠲᠠᠢ ᠦᠩᠭᠡᠷᠡᠭᠦᠯᠦᠭᠰᠡᠨ ᠪᠠᠶᠢᠨ᠎ᠠ᠃
 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号