︽ᠲᠤᠯᠤᠭᠠᠨ ᠰᠠᠷ᠎ᠠ ᠶᠢᠨ ᠰᠢᠨ᠎ᠡ ᠶᠢᠨ ᠳᠤᠯᠤᠭᠠᠨ︾ ᠤ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠳᠠᠷᠬᠠᠨ | ᠮᠤᠤᠮᠢᠩᠭᠠᠨ ᠬᠤᠯᠪᠤᠭᠠᠳᠤ ᠬᠤᠰᠢᠭᠤᠨ ᠤ ᠵᠠᠯᠠᠭᠤᠴᠤᠳ ᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠦ᠂ | ᠭᠠᠭᠴᠠ ᠪᠡᠶ᠎ᠡ ᠵᠠᠯᠠᠭᠤᠴᠤᠳ ᠲᠤ ᠬᠠᠷᠢᠯᠴᠠᠭ᠎ᠠ ᠪᠠᠨ ᠥᠷᠭᠡᠳᠬᠡᠬᠦ᠂ ᠥᠪᠡᠷ ᠢ ᠪᠠᠨ ᠢᠯᠡᠷᠡᠭᠦᠯᠬᠦ᠂ ᠨᠥᠬᠦᠷᠯᠡᠯ ᠢᠶᠠᠨ | ᠵᠤᠵᠠᠭᠠᠳᠬᠠᠬᠤ ᠠᠵᠠ ᠲᠣᠬᠢᠶᠠᠯ ᠬᠠᠩᠭᠠᠬᠤ ᠶᠢᠨ ᠲᠦᠯᠤᠭᠡ 8 ᠰᠠᠷ᠎ᠠ ᠶᠢᠨ 21 ᠤ ᠦᠳᠡ ᠶᠢᠨ ᠬᠤᠶᠢᠨ᠎ᠡ᠂ | ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ︽ᠲᠤᠯᠤᠭᠠᠨ ᠰᠠᠷ᠎ᠡ ᠶᠢᠨ ᠰᠢᠨ᠎ᠡ ᠶᠢᠨ ᠲᠤᠯᠤᠭᠠᠨ︾ ᠤ | ᠵᠠᠯᠠᠭᠤᠴᠤᠳ ᠤᠨ ᠨᠦᠬᠦᠷᠯᠡᠯᠳᠤ ᠬᠦᠳᠡᠯᠭᠡᠭᠡᠨ ᠰᠢᠯᠤᠭ᠍ᠳᠤ ᠵᠢᠷᠤᠭᠳᠤ ᠲᠠᠯ᠎ᠡ ᠨᠤᠳᠤᠭ ᠤᠨ ᠦᠵᠡᠮᠵᠢ ᠶᠢᠨ ᠤᠷᠤᠨ ᠳᠤ | ᠶᠠᠪᠤᠭᠳᠠᠭᠰᠠᠨ ᠪᠠᠶᠢᠨ᠎ᠠ᠃ | | ᠲᠤᠰ ᠤᠳᠠᠭᠠᠨ ᠤ ᠬᠦᠳᠡᠯᠭᠡᠭᠡᠨ ᠢ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠨᠠᠮ ᠤᠨ | ᠬᠤᠷᠢᠶᠡᠨ ᠤ ᠵᠤᠬᠢᠶᠡᠨ ᠪᠠᠶᠢᠭᠤᠯᠬᠤ ᠬᠡᠯᠲᠡᠰ᠂ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠤᠯᠡᠨ | ᠲᠦᠮᠡᠨ ᠤ ᠪᠦᠯᠬᠦᠮ ᠤᠨ ᠰᠠᠯᠠᠭ᠎ᠠ ᠮᠦᠴᠢᠷ ᠠᠴᠠ ᠭᠤᠤᠯᠯᠠᠨ ᠡᠷᠬᠢᠯᠡᠪᠡ᠃ | ᠲᠤᠰ ᠤᠳᠠᠭᠠᠨ ᠤ ᠬᠦᠳᠡᠯᠭᠡᠭᠡᠨ ᠨᠢ ᠥᠷᠭᠡᠨ ᠤᠯᠠᠨ ᠵᠠᠯᠠᠭᠤᠴᠤᠳ ᠤᠨ ᠬᠠᠷᠢᠯᠴᠡᠨ ᠨᠠᠶᠢᠵᠠᠯᠠᠬᠤ᠂ | ᠲᠦᠷᠤᠭ᠍ᠳᠡᠯ ᠢᠶᠠᠨ ᠬᠤᠪᠢᠶᠠᠯᠴᠠᠬᠤ᠂ ᠥᠪᠡᠷ ᠢ ᠪᠠᠨ ᠳᠠᠪᠲᠠᠨ ᠪᠤᠯᠪᠠᠰᠤᠷᠠᠭᠤᠯᠬᠤ᠂ ᠨᠦᠬᠦᠷᠰᠡᠭ ᠬᠠᠷᠢᠴᠠᠭ᠎ᠠ | ᠪᠠᠶᠢᠭᠤᠯᠬᠤ ᠳᠤ ᠲᠤᠮᠤ ᠶᠡᠭᠡ ᠲᠠᠪᠴᠠᠩ ᠬᠠᠩᠭᠠᠵᠤ᠂ ᠤᠯᠡᠨ ᠢᠶᠠᠷ ᠢᠶᠠᠨ ᠳᠥᠭᠦᠮ ᠬᠢᠯᠪᠠᠷ ᠲᠤᠭᠯᠠᠭᠠᠮ ᠢᠶᠠᠷ | ᠲᠠᠮᠵᠢᠨ ᠬᠠᠷᠢᠯᠴᠡᠨ ᠤᠶᠢᠯᠭᠠᠯᠴᠡᠵᠤ᠂ ᠪᠠᠶᠠᠷ ᠪᠠᠶᠠᠰᠤᠯ ᠢᠶᠠᠨ ᠬᠤᠪᠢᠶᠠᠯᠴᠠᠵᠤ ᠪᠠᠶᠢᠯ᠎ᠡ᠃ | | | | | | ᠲᠤᠰ ᠤᠳᠠᠭᠠᠨ ᠤ ᠬᠦᠳᠡᠯᠭᠡᠭᠡᠨ ᠢ ᠦᠷᠨᠢᠬᠦᠯᠤᠭ᠍ᠰᠡᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠴᠢᠬᠤᠯᠠ ᠠᠷᠭ᠎ᠠ ᠬᠡᠮᠵᠢᠶ᠎ᠡ ᠪᠠᠶᠢᠵᠤ᠂ ᠵᠠᠯᠠᠭᠤᠴᠤᠳ ᠢ | ᠨᠢᠭᠲᠠᠷᠠᠭᠤᠯᠬᠤ ᠪᠠᠷ ᠵᠣᠭᠰᠣᠴᠠ ᠪᠣᠯᠭᠠᠵᠤ᠂ ᠠᠮᠢᠳᠤᠷᠠᠯ ᠤᠨ ᠲᠠᠯ᠎ᠠ ᠪᠠᠷ ᠵᠠᠯᠠᠭᠤᠴᠤᠳ ᠢ ᠬᠠᠯᠠᠮᠵᠢᠯᠠᠨ | ᠬᠠᠶᠢᠷᠠᠯᠠᠬᠤ ᠶᠢ ᠬᠥᠲᠥᠯᠥᠨ ᠳᠠᠭᠠᠭᠤᠯᠬᠤ ᠪᠤᠳᠡᠳᠠᠢ ᠠᠷᠭ᠎ᠠ ᠬᠡᠯᠪᠡᠷᠢ ᠪᠤᠯᠤᠭᠰᠠᠨ ᠪᠠᠶᠢᠨ᠎ᠠ᠃ | | | | | | | | | | | | | | | | | | | | | | | | |