ᠪᠤᠭᠤᠳᠦ ᠬᠤᠳᠠ ᠶᠢᠨ ᠴᠤᠤ ᠵᠢᠦᠢ ᠨᠢᠳᠤᠨ ᠤ ᠡᠮᠨᠡᠯᠭᠡ ᠶᠢᠨ ᠬᠤᠷᠢᠶ᠎ᠠ ᠲᠤᠯᠠᠭᠠᠨ ᠭᠡᠷ ᠨᠡᠶᠢᠭᠡᠮ ᠲᠤᠭᠤᠷᠢᠭ  ᠲᠤ ︽ᠭᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/8/24
      8 ᠰᠠᠷ᠎ᠠ ᠶᠢᠨ 24  ᠤ ᠦᠳᠡ ᠶᠢᠨ ᠡᠮᠤᠨ᠎ᠡ᠂ ᠪᠤᠭᠤᠲᠤ ᠬᠤᠳᠠ ᠶᠢᠨ ᠴᠤᠤ ᠵᠢᠦᠢ ᠨᠢᠳᠦᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠩᠭᠢ ᠶᠢᠨ ᠬᠢᠨ ᠲᠤᠯᠭᠠᠨ ᠭᠡᠷ ᠨᠡᠶᠢᠭᠡᠮ ᠲᠤᠭᠤᠷᠢᠭ ᠲᠤ ᠬᠦᠷᠴᠤ ︽ᠬᠡᠷᠡᠯ ᠭᠡᠭᠡ ᠶᠢᠨ ᠠᠶᠠᠯᠠᠯ︾ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠥᠷᠨᠢᠭᠦᠯᠪᠡ᠃
微信图片_20230825100634.jpg
      ᠲᠣᠰ ᠤᠳᠠᠭᠠᠨ ᠤ ᠠᠵᠢᠯᠯᠠᠭ᠎ᠠ ᠳᠤ ᠭᠤᠣᠯᠳᠠᠭᠤ ᠨᠢᠳᠦᠨ ᠤ ᠰᠠᠯᠠᠭᠠᠨ ᠤ ᠪᠠᠶᠢᠩᠭᠤ ᠲᠣᠬᠢᠶᠠᠯᠳᠤᠳᠠᠭ ᠡᠪᠡᠳᠴᠢᠨ᠂ ᠴᠠᠭᠠᠨ ᠬᠠᠷᠠᠩ ᠤᠨ ᠰᠢᠭᠰᠢᠨ ᠪᠠᠶᠢᠴᠠᠭᠠᠬᠤ᠂ ᠣᠨᠣᠰᠢᠯᠠᠬᠤ ᠠᠵᠢᠯ ᠢ ᠬᠢᠵᠦ᠂ ᠠᠨᠠᠭᠠᠬᠤ ᠤᠬᠠᠭᠠᠨ ᠤ ᠶᠡᠷᠦ ᠶᠢᠨ ᠮᠡᠳᠡᠯᠭᠡ ᠪᠠ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠠᠵᠢᠯᠲᠠᠳ ᠠᠴᠠ ᠰᠠᠭᠤᠭᠠᠯᠢ ᠠᠷᠠᠳ ᠲᠤ ᠨᠢᠳᠦᠨ ᠤ ᠡᠷᠡᠭᠦᠯ ᠮᠡᠨᠳᠦ ᠶᠢᠨ ᠮᠡᠳᠡᠯᠭᠡ᠂ ᠨᠢᠳᠦ ᠪᠠᠨ ᠬᠠᠮᠠᠭᠠᠯᠠᠬᠤ ᠦᠨᠳᠦᠰᠦᠨ ᠮᠡᠳᠡᠯᠭᠡ ᠵᠡᠷᠭᠡ ᠠᠭᠤᠯᠭ᠎ᠠ ᠶᠢ ᠨᠠᠷᠢᠨ ᠲᠠᠨᠢᠯᠴᠠᠭᠤᠯᠵᠤ᠂ ᠡᠮᠴᠢ ᠠᠴᠠ ᠡᠮᠨᠡᠭᠦᠯᠬᠦ ᠪᠠᠷ ᠢᠷᠡᠭᠰᠡᠨ ᠡᠪᠡᠳᠴᠢᠲᠡᠨ ᠳᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠲᠤᠰᠬᠠᠢ ᠮᠡᠷᠭᠡᠵᠢᠯ ᠤᠨ ᠨᠢᠳᠦᠨ ᠤ ᠰᠠᠯᠠᠭᠠᠨ ᠤ ᠯᠠᠪᠯᠠᠯᠳᠡ ᠪᠠ ᠪᠠᠶᠢᠴᠠᠭᠠᠯᠲᠠ ᠬᠠᠩᠭᠠᠨ᠂ ᠨᠢᠳᠦᠨ ᠤ ᠡᠪᠡᠳᠴᠢᠨ ᠲᠠᠢ ᠡᠪᠡᠳᠴᠢᠲᠡᠨ ᠳᠤ ᠡᠷᠡᠭᠦᠯ ᠮᠡᠨᠳᠦ ᠶᠢᠨ ᠵᠢᠯᠣᠭᠤᠳᠤᠯᠭ᠎ᠠ ᠪᠠ ᠡᠮᠴᠢᠯᠡᠭᠡᠨ ᠤ ᠰᠠᠨᠠᠭᠤᠯᠭ᠎ᠠ ᠥᠭᠬᠦ ᠶᠢᠨ ᠬᠠᠮᠲᠤ ᠲᠤᠰᠬᠠᠢ ᠮᠡᠷᠭᠡᠵᠢᠯ ᠤᠨ ᠬᠡᠮᠵᠢᠭᠦᠷᠯᠢᠭ ᠢᠶᠠᠷ ᠰᠠᠭᠤᠭᠠᠯᠢ ᠠᠷᠠᠳ ᠲᠤ ᠠᠩᠬ᠎ᠠ ᠠᠯᠬᠤᠮ ᠤᠨ ᠨᠢᠳᠦᠨ ᠤ ᠡᠪᠡᠳᠴᠢᠨ ᠤ ᠪᠠᠶᠢᠴᠠᠭᠠᠯᠲᠠ ᠬᠢᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠨᠠᠷᠢᠨ ᠬᠢᠨᠠᠮᠠᠭᠠᠢ ᠳᠡᠩᠰᠡᠯᠡᠨ ᠪᠠᠶᠢᠭᠤᠯᠤᠭᠰᠠᠨ ᠪᠠᠶᠢᠨ᠎ᠠ᠃
微信图片_20230825100635.jpg
      ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠠᠭᠤᠭᠠᠯᠢ ᠠᠷᠠᠳ ᠤᠨ ᠨᠢᠳᠦᠨ ᠤ ᠡᠪᠡᠳᠴᠢᠨ ᠤ ᠲᠤᠬᠠᠢ ︽ᠡᠷᠲᠡ ᠮᠡᠳᠡᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ᠂ ᠡᠷᠲᠡ ᠡᠷᠡᠭᠦᠯᠵᠢᠭᠦᠯᠬᠦ︾ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠭᠠᠯᠢ ᠠᠷᠠᠳ ᠤᠨ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠨᠢ  ᠲᠡᠭᠡᠭᠰᠢᠯᠡᠬᠦᠯᠵᠤ᠂ ᠴᠠᠭᠠᠨ ᠬᠠᠷᠠᠩ ᠤᠨ ᠡᠪᠡᠳᠴᠢᠲᠡᠨ ᠳᠤ ᠴᠠᠭ ᠲᠤᠬᠠᠢ ᠳᠤᠨᠢ ᠡᠮ ᠡᠮᠨᠡᠯᠭᠡ ᠶᠢᠨ ᠲᠤᠰᠠᠯᠠᠮᠵᠢ ᠣᠯᠭᠤᠵᠤ᠂ ᠲᠡᠳᠡᠨ ᠳᠤ ᠵᠣᠯ ᠵᠢᠷᠭᠠᠯᠲᠤ ᠲᠥᠷᠥᠭᠳᠡᠯ ᠢ ᠦᠨᠡᠨᠬᠦ ᠮᠡᠳᠡᠷᠡᠬᠦᠯᠤᠭ᠍ᠰᠡᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号