ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠶᠡᠴᠢᠯᠡᠨ ᠤᠶᠢᠯᠠᠭᠠᠬᠤ ᠣᠷᠳᠣᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠤᠨ ᠰᠠᠭᠤᠷᠢᠨ | ᠭᠠᠵᠠᠷ ᠤᠨ ᠫᠠᠶᠢᠰᠠ ᠰᠡᠬᠦᠬᠦ ᠶᠣᠰᠣᠯᠠᠯ 8 ᠰᠠᠷ᠎ᠠ ᠶᠢᠨ 14 ᠤ ᠡᠳᠦᠷ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤᠨ ᠤ ᠳᠤᠷᠠᠰᠬᠠᠯ ᠤᠨ ᠣᠷᠳᠣᠨ ᠳᠤ ᠶᠠᠪᠤᠭᠳᠠᠪᠠ᠃ ᠲᠤᠰ ᠰᠠᠭᠤᠷᠢᠨ ᠭᠠᠵᠠᠷ ᠢ 2022 ᠣᠨ ᠤ 11 | ᠰᠠᠷ᠎ᠠ ᠠᠴᠠ ᠡᠬᠢᠯᠡᠨ 9 ᠰᠠᠷ᠎ᠠ ᠶᠢᠨ ᠬᠤᠭᠤᠴᠠᠭ᠎ᠠ ᠵᠠᠷᠤᠴᠠᠭᠤᠯᠤᠨ ᠪᠠᠶᠢᠭᠤᠯᠵᠤ ᠳᠠᠭᠤᠰᠬᠠᠪᠠ᠃ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠬᠥᠮᠦᠵᠢᠯ ᠤᠨ ᠰᠠᠭᠤᠷᠢᠨ ᠭᠠᠵᠠᠷ ᠨᠢ ᠬᠤᠰᠢᠭᠤᠨ ᠤ ᠳᠤᠷᠠᠰᠬᠠᠯ ᠤᠨ ᠣᠷᠳᠣᠨ ᠤ | ᠭᠤᠷᠪᠠᠲᠤᠭᠠᠷ ᠲᠠᠪᠬᠤᠷ ᠤᠨ ᠶᠡᠭᠡ ᠲᠢᠩᠬᠢᠮ ᠳᠤ ᠪᠠᠶᠢᠷᠢᠯᠠᠵᠤ᠂ 670 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ | ᠪᠦᠬᠦ ᠤᠯᠤᠰ ᠤᠨ ᠡᠯ᠎ᠡ ᠦᠨᠳᠦᠰᠦᠳᠡᠨ ᠤ ᠠᠷᠠᠳ ᠲᠦᠮᠡᠨ ᠬᠠᠮᠳᠤᠪᠠᠷ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠬᠤ ᠤᠶᠢᠯᠠᠭᠠᠬᠳᠠᠬᠤᠨ ᠢ ᠪᠠᠳᠤᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠨ᠂ ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ | ᠠᠮᠢᠳᠤᠯᠢᠭ ᠦᠢᠯᠡᠳᠦᠯᠭᠡ ᠶᠢᠨ ᠵᠢᠱᠢᠶ᠎ᠡ ᠶᠢ ᠳᠡᠯᠭᠡᠨ ᠦᠵᠡᠭᠦᠯᠬᠦ ᠪᠠᠷ ᠭᠤᠤᠯ ᠠᠭᠤᠯᠭ᠎ᠠ ᠪᠠᠨ ᠪᠤᠯᠭᠠᠵᠤ᠂ | ᠭᠤᠣᠯᠳᠠᠭᠤ ᠦᠰᠦᠭ ᠪᠢᠴᠢᠭ᠂ ᠭᠡᠷᠡᠯ ᠵᠢᠷᠤᠭ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠪᠠᠷ | ᠪᠦᠷᠢᠯᠳᠦᠭᠰᠡᠨ ᠪᠠᠶᠢᠨ᠎ᠠ᠃ | | | | ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠨᠢ ᠲᠡᠦᠬᠡᠨ ᠠᠴᠠ ᠪᠠᠨ ᠠᠪᠤᠭᠠᠳ ᠦᠨᠳᠦᠰᠦᠲᠡᠨ ᠤ | ᠪᠦᠯᠬᠦᠮᠳᠡᠯ ᠤᠨ ᠬᠡᠪ ᠳᠠᠭᠤᠷᠢᠶᠠᠯ ᠪᠤᠯᠵᠤ᠂ ᠡᠯ᠎ᠡ ᠦᠨᠳᠦᠰᠦᠳᠡᠨ ᠤ ᠠᠷᠠᠳ ᠲᠦᠮᠡᠨ ᠬᠠᠮᠳᠤᠪᠠᠷ ᠪᠦᠯᠬᠦᠮᠳᠡᠨ | ᠲᠡᠮᠡᠴᠡᠬᠦ ᠲᠡᠦᠬᠡᠨ ᠤᠯᠠᠮᠵᠢᠯᠠᠯ ᠲᠠᠢ ᠶᠤᠮ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠤᠨ ᠰᠠᠭᠤᠷᠢᠨ ᠭᠠᠵᠠᠷ | ᠫᠠᠶᠢᠰᠠ ᠰᠡᠬᠦᠭᠰᠡᠨ ᠤ ᠳᠠᠷᠠᠭ᠎ᠠ᠂ ᠨᠡᠶᠢᠭᠡᠮ ᠨᠡᠶᠢᠲᠡ ᠳᠤ ᠬᠠᠨᠳᠤᠭᠤᠯᠤᠨ ᠦᠨ᠎ᠡ ᠲᠥᠯᠥᠪᠦᠷᠢ ᠦᠭᠡᠢ ᠪᠠᠷ ᠳᠡᠯᠭᠡᠨ | ᠦᠵᠡᠭᠦᠯᠵᠦ᠂ ᠦᠢᠷ᠎ᠠ ᠶᠢᠨ ᠬᠤᠭᠤᠴᠠᠭᠠᠨ ᠳᠤ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ ᠶᠢᠨ ᠬᠢᠨ ᠴᠦᠮ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ ᠢ | ᠲᠤᠭᠤᠷᠢᠨ ᠦᠵᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠬᠠᠮᠢᠶ᠎ᠠ ᠪᠦᠬᠦᠢ ᠮᠡᠳᠡᠯᠭᠡ ᠶᠢ ᠰᠤᠷᠤᠯᠴᠠᠨ᠂ ᠦᠨᠳᠦᠰᠦᠲᠡᠨ ᠤ ᠪᠦᠯᠬᠦᠮᠳᠡᠯ ᠤᠨ ᠴᠤ᠋ ᠰᠢᠨ᠎ᠡ ᠬᠠᠭᠤᠳᠠᠰᠤ ᠶᠢ | ᠪᠢᠴᠢᠭᠯᠡᠵᠦ ᠪᠠᠶᠢᠨ᠎ᠠ᠃ | | ᠳᠠᠷᠠᠭᠠᠴᠢ ᠶᠢᠨ ᠠᠯᠬᠤᠮ ᠳᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠤᠳᠤ ᠪᠠᠶᠢᠭ᠎ᠠ ᠰᠤᠷᠭᠠᠨ | ᠬᠥᠮᠦᠵᠢᠯ ᠤᠨ ᠰᠠᠭᠤᠷᠢᠨ ᠭᠠᠵᠠᠷ᠂ ᠰᠤᠳᠤᠯᠭᠠᠨ ᠤ ᠰᠠᠭᠤᠷᠢᠨ ᠵᠡᠷᠭᠡ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ ᠭᠠᠵᠠᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ | ᠬᠢ ᠪᠦᠯᠬᠦᠮᠳᠡᠯ ᠨᠢᠭᠡᠳᠦᠯ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠶᠢ ᠠᠬᠢᠭᠤᠯᠵᠤ᠂ ᠬᠡᠰᠡᠭ ᠴᠡᠭ ᠢᠶᠠᠷ | ᠪᠦᠬᠦ ᠲᠠᠯ᠎ᠠ ᠶᠢ ᠲᠠᠶᠢᠴᠢᠯᠠᠵᠦ᠂ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠦᠨᠳᠦᠰᠦᠳᠡᠨ ᠤ ᠪᠦᠯᠬᠦᠮᠳᠠᠯ ᠤᠨ ᠰᠢᠨ᠎ᠡ ᠪᠠᠶᠢᠳᠠᠯ ᠢ ᠢᠳᠡᠪᠬᠢᠲᠡᠢ ᠪᠠᠷ ᠪᠤᠢ ᠪᠣᠯᠭᠠᠵᠤ᠂ ︽ᠴᠡᠭ ᠲᠤ ᠴᠡᠴᠡᠭᠯᠡᠵᠦ᠂ | ᠪᠦᠬᠦ ᠲᠠᠯ᠎ᠠ ᠳᠤ ᠦᠷ᠎ᠡ ᠪᠦᠲᠦᠮᠵᠢ ᠭᠠᠷᠭᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠰᠢ ᠶᠢᠨ | ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠵᠤ | ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ | ᠰᠢᠨ᠎ᠡ ᠬᠤᠪᠢ ᠨᠡᠮᠡᠷᠢ ᠦᠵᠡᠭᠦᠯᠬᠦ ᠪᠠᠷ ᠪᠠᠶᠢᠨ᠎ᠠ᠃ | | | | | | | | | |