ᠲᠤᠯᠠᠭᠠᠨ ᠭᠡᠷ ᠨᠡᠶᠢᠭᠡᠮ ᠲᠤᠭᠤᠷᠢᠭ ᠤᠨ ᠨᠠᠮ ᠤᠨ ᠶᠡᠷᠦᠩᠭᠡᠢ ᠡᠭᠦᠷ ᠨᠠᠰᠤᠳᠠᠶᠢᠴᠤᠳ ᠲᠤ ᠦᠰᠦ ᠵᠠᠰᠠᠬᠤ ᠰᠠᠶᠢᠨ ᠲᠤᠷ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/8/29
      ︽ᠪᠢ ᠤᠯᠠᠨ ᠲᠦᠮᠡᠨ ᠳᠤ ᠪᠤᠳᠡᠳᠤ ᠶᠠᠪᠤᠳᠡᠯ ᠬᠢᠵᠤ ᠦᠭᠬᠦ︾ ᠤᠶᠢᠯᠡᠳᠤᠯᠭᠡ ᠶᠢᠨ ᠠᠵᠢᠯᠯᠠᠭ᠎ᠠ ᠶᠢ ᠤᠯᠡᠨ ᠨᠢᠭᠡ ᠠᠯᠬᠤᠮ ᠬᠦᠨᠵᠡᠭᠡᠶᠢᠷᠡᠬᠦᠯᠵᠤ᠂ ᠰᠠᠭᠤᠭᠠᠯᠢ ᠠᠷᠠᠳ ᠲᠤ ᠲᠦᠬᠦᠮ ᠦᠵᠡᠭᠦᠯᠬᠦ ᠶᠢᠨ ᠲᠥᠯᠥᠭᠡ8 ᠰᠠᠷ᠎ᠠ ᠶᠢᠨ 29 ᠤ ᠦᠳᠡ ᠶᠢᠨ ᠡᠮᠤᠨ᠎ᠡ᠂ ᠲᠤᠯᠠᠭᠠᠨ ᠭᠡᠷ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ᠦᠰᠦ ᠵᠠᠰᠠᠬᠤ ᠠᠵᠢᠯᠯᠠᠭ᠎ᠠ ᠥᠷᠨᠢᠭᠦᠯᠪᠡ᠃      ᠠᠬᠤᠢ ᠲᠠᠯᠠᠪᠠᠢ ᠳᠤ᠂ ᠰᠠᠶᠢᠨ ᠳᠤᠷ᠎ᠠ ᠶᠢᠨ ᠤᠶᠢᠯᠡᠴᠢᠯᠡᠭᠴᠢᠳ ᠠᠴᠠ ᠦᠰᠦ ᠵᠠᠰᠠᠭᠤᠯᠬᠤ ᠪᠠᠷ ᠢᠷᠡᠭᠰᠡᠨ ᠨᠠᠰᠤᠲᠠᠶᠢᠴᠤᠳ ᠲᠤ ᠥᠪᠡᠷ ᠤᠨ ᠪᠣᠯᠪᠠᠰᠤᠷᠠᠩᠭᠤᠢ ᠮᠡᠷᠭᠡᠵᠢᠯ ᠢᠶᠠᠨ ᠭᠠᠷᠭᠠᠵᠤ᠂ ᠲᠡᠳᠡ ᠨᠠᠷ ᠤᠨ ᠭᠡᠵᠢᠭᠡ ᠶᠢ ᠨᠠᠷᠢᠨ ᠬᠢᠨᠠᠮᠠᠭᠠᠢ ᠵᠠᠰᠡᠵᠤ ᠬᠠᠶᠢᠴᠢᠯᠠᠨ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠬᠠᠯᠠᠭᠤᠮᠰᠤᠭ ᠲᠤᠳᠤᠨᠤ ᠦᠢᠯᠡᠴᠢᠯᠡᠭᠡ  ᠨᠢ ᠨᠠᠰᠤᠲᠠᠶᠢᠴᠤᠳ ᠤᠨ ᠮᠠᠭᠲᠠᠭᠠᠯ ᠰᠠᠶᠢᠰᠢᠶᠠᠯ ᠢ ᠤᠯᠪᠡ᠃
微信图片_20230831153622.jpg
      ᠲᠤᠯᠠᠭᠠᠨ ᠭᠡᠷ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠡᠨᠡᠬᠦ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠬᠠᠷᠢᠶᠡᠳᠤ ᠤᠷᠤᠨ ᠤ ᠪᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠠᠰᠤᠷᠠᠯᠲᠠ ᠦᠭᠡᠢ ᠰᠢᠨ᠎ᠡ ᠱᠠᠳᠤᠨ ᠳᠤ ᠭᠠᠷᠭᠠᠬᠤ ᠪᠠᠷ ᠴᠢᠷᠮᠠᠶᠢᠵᠤ᠂ ᠤᠶᠢᠯᠡᠴᠢᠯᠡᠭᠡᠨ ᠤ ᠪᠠᠨ ᠬᠢᠷᠢ ᠲᠦᠪᠰᠢᠨ ᠢᠶᠠᠨ ᠤᠯᠡᠮ ᠨᠢᠭᠡ ᠠᠯᠬᠤᠮ ᠲᠡᠭᠡᠭᠰᠢᠯᠡᠬᠦᠯᠵᠤ᠂ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠦᠨᠡᠨᠬᠦ ᠬᠦᠷᠳᠡᠭᠡᠵᠤ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号