ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠠᠮᠢᠷ ᠤᠨ ᠦᠵᠡᠭᠦᠯᠦᠯᠭᠡ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/8/30
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠭᠤᠯᠤᠨ ᠨᠠᠶᠢᠳᠠᠪᠤᠷᠢᠵᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ ᠤᠨ ᠬᠦᠭᠵᠢᠯᠲᠡ ᠶᠢ ᠠᠬᠢᠭᠤᠯᠤᠨ᠂ ᠡᠷᠡᠭᠦᠯ ᠡᠩᠬᠡ ᠡᠶ᠎ᠡ ᠵᠣᠬᠢᠴᠠᠯ ᠲᠠᠢ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠪᠡᠶ᠎ᠡ ᠴᠢᠭᠢᠷᠠᠭᠵᠢᠭᠤᠯᠬᠤ ᠲᠠᠮᠢᠷ ᠲᠤ ᠪᠠᠭ᠋ᠠᠲᠠᠢ ᠬᠥᠮᠥᠰ ᠲᠤ ᠬᠠᠷᠢᠯᠴᠠᠨ ᠰᠤᠷᠤᠯᠴᠠᠬᠤ ᠲᠠᠪᠴᠠᠩ ᠪᠠᠶᠢᠭᠤᠯᠵᠤ ᠥᠭᠬᠦ ᠶᠢᠨ ᠲᠥᠯᠥᠭᠡ᠂ 8 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2023 ᠣᠨ ᠤ ᠨᠡᠶᠢᠭᠡᠮ ᠲᠣᠭᠤᠷᠢᠭ ᠤᠨ ᠪᠡᠶ᠎ᠡ ᠲᠠᠮᠢᠷ ᠤᠨ ᠴᠤᠭᠯᠠᠭᠠᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ ᠦᠵᠡᠭᠦᠯᠦᠯᠭᠡ ᠶᠢᠨ ᠠᠵᠢᠯᠯᠠᠭ᠎ᠠ ᠬᠤᠶᠢᠲᠤ ᠭᠤᠤᠯ ᠤᠨ ᠠᠭᠤᠳᠠᠮ ᠲᠠᠯᠠᠪᠠᠶ ᠳᠤ ᠶᠠᠪᠣᠭᠳᠠᠵᠣ᠂ ᠮᠠᠨ ᠤ ᠬᠤᠰᠢᠭᠤᠨ ᠤ 12 ᠪᠡᠶ᠎ᠡ ᠴᠢᠭᠢᠷᠠᠭᠵᠢᠭᠤᠯᠬᠤ ᠠᠩᠭᠢ ᠶᠢᠨ 480 ᠭᠠᠷᠤᠢ ᠬᠥᠮᠥᠨ ᠣᠷᠣᠯᠴᠠᠭᠰᠠᠨ ᠪᠠᠶᠢᠨ᠎ᠠ᠃
微信图片_20230831150440.jpg
      ᠲᠣᠰ ᠤᠳᠠᠭᠠᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ ᠦᠵᠡᠭᠦᠯᠦᠯᠭᠡ ᠨᠢ ᠮᠠᠨ ᠤ ᠬᠤᠰᠢᠭᠤᠨ ᠤ ᠪᠡᠶ᠎ᠡ ᠴᠢᠭᠢᠷᠠᠭᠵᠢᠭᠤᠯᠬᠤ ᠲᠠᠮᠢᠷ ᠲᠤ ᠪᠠᠭ᠋ᠠᠲᠠᠢ ᠬᠥᠮᠥᠰ ᠤᠨ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠠᠩ ᠴᠤ ᠣᠯᠠᠨ ᠲᠦᠮᠡᠨ ᠤ ᠰᠣᠶᠣᠯ ᠲᠠᠮᠢᠷ ᠤᠨ ᠬᠥᠳᠡᠯᠭᠡᠭᠡᠨ ᠳᠤ ᠣᠷᠣᠯᠴᠠᠬᠤ ᠤᠷᠮ᠎ᠠ ᠵᠣᠷᠢᠭ ᠢ ᠨᠢ ᠬᠥᠭᠵᠢᠭᠡᠵᠦ᠂ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ᠂ ᠪᠣᠯᠪᠠᠰᠤᠨ ᠢᠶᠠᠷ ᠪᠡᠶ᠎ᠡ ᠴᠢᠭᠢᠷᠠᠭᠵᠢᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号