ᠦᠪ ᠰᠤᠶᠤᠯ ᠢᠶᠠᠨ ᠲᠡᠭᠡᠳᠦᠯᠡᠭᠰᠡᠨ ᠦᠨᠳᠦᠰᠦᠳᠡᠨ ᠤ ᠤᠯᠠᠮᠵᠢᠯᠯᠠᠳᠦ ᠨᠠᠭᠠᠳᠤᠮ ᠨᠢᠵᠢᠭᠢᠷ ᠰᠠᠶᠢᠬᠠᠨ ᠶᠠᠪᠤᠭᠳᠠᠯ᠎ᠠ
ᠨᠡᠶᠢᠲᠡᠯᠡᠭᠰᠡᠨ ᠴᠠᠭ᠄
2023/8/4
      ᠳᠠᠷᠬᠠᠨ ᠮᠣᠣᠮᠢᠩᠭᠠᠨ ᠬᠤᠯᠪᠤᠭᠠᠲᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠰᠤᠶᠤᠯ ᠵᠢᠭᠤᠯᠴᠢᠯᠠᠯ ᠤᠨ ᠨᠠᠶᠢᠷ ᠵᠢᠴᠢ ᠭᠤᠴᠢᠨ ᠭᠤᠷᠪᠠᠳᠤᠭᠠᠷ ᠬᠤᠭᠤᠴᠠᠭᠠᠨ ᠤ ᠨᠠᠭᠠᠳᠣᠮ ᠤᠨ ᠶᠡᠭᠡ ᠬᠤᠷᠠᠯ ᠤᠨ ᠵᠢᠷᠠ ᠨᠠᠭᠠᠳᠤᠮ ᠤᠨ ᠤᠷᠤᠯᠳᠤᠭᠠᠨ᠂ 2023 ᠣᠨ ᠤ 8 ᠰᠠᠷ᠎ᠠ ᠶᠢᠨ 3 ᠤ ᠡᠳᠦᠷ᠂ ᠪᠠᠲᠤᠬᠠᠭᠠᠯᠭ᠎ᠠ ᠨᠠᠭᠠᠳᠤᠮ ᠤᠨ ᠰᠤᠶᠤᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠮᠣᠩᠭᠤᠯ ᠭᠡᠷ ᠲᠤ ᠦᠪᠡᠳᠡᠭᠰᠢ ᠶᠡᠭᠡ ᠪᠠᠷ ᠶᠠᠪᠤᠭᠳᠠᠵᠤ᠂ ᠲᠡᠬᠦᠰ ᠠᠮᠵᠢᠯᠲᠠ ᠲᠠᠢ ᠦᠨᠳᠤᠷᠯᠠᠯ᠎ᠠ᠃      ᠵᠢᠷᠠ ᠬᠡᠳᠡᠭ ᠨᠢ ᠶᠡᠰᠤ᠂ ᠮᠤᠳᠤ ᠵᠡᠷᠭᠡ ᠬᠠᠳᠠᠭᠤ ᠵᠦᠢᠯᠡᠰ ᠢ ᠲᠦᠷᠪᠡᠯᠵᠢᠯᠠᠨ ᠵᠠᠰᠠᠭᠠᠳ ᠨᠢᠭᠡ ᠲᠠᠯ᠎ᠠ ᠳᠤ  ᠨᠢ ᠤᠯᠠᠭᠠᠨ ᠴᠠᠭᠠᠨ ᠬᠤᠶᠠᠷ ᠦᠩᠭᠡ ᠪᠠᠷ ᠢᠯᠭᠠᠨ ᠬᠤᠶᠠᠷ ᠠᠴᠠ ᠠᠷᠪᠠᠨ ᠬᠤᠶᠠᠷ ᠨᠦᠭᠡ ᠭᠠᠷᠭᠠᠵᠤ ᠬᠢᠭᠰᠡᠨ ᠵᠢᠷᠠᠨ ᠰᠢᠷᠬᠡᠭ ᠲᠠᠢ ᠨᠢᠭᠡ ᠲᠦᠷᠦᠯ ᠤᠨ ᠲᠤᠭᠯᠠᠭᠠᠮ ᠪᠤᠯᠤᠨ᠎ᠠ᠃ ᠪᠠᠰᠠ ᠵᠠᠷᠢᠮ ᠨᠤᠳᠤᠭ ᠲᠤ ᠵᠢᠷᠠ ᠨᠠᠭᠠᠳᠣᠮ ᠪᠤᠶᠤ ᠳ᠋ᠠᠯᠤᠤ ᠨᠠᠭᠠᠳᠣᠮ ᠭᠡᠳᠡᠭ᠃ ᠮᠠᠨᠵᠤ ᠴᠢᠩ ᠬᠦᠷᠤᠨ ᠤ ᠰᠡᠬᠦᠯᠴᠢ ᠶᠢᠨ ᠦᠶ᠎ᠡ ᠪᠠᠷ ᠮᠣᠩᠭᠤᠯ ᠨᠤᠲᠤᠭ ᠲᠤ ᠲᠡᠯᠬᠡᠷᠡᠵᠤ ᠨᠠᠭᠠᠳᠤᠭᠳᠠᠭᠰᠠᠨ ᠮᠠᠲ᠋ᠧᠷᠢᠶᠠᠯ ᠪᠤᠢ᠃ ᠮᠣᠩᠭᠤᠯᠴᠤᠳ ᠳ᠋ᠠᠯᠤᠤ ᠲᠤᠭᠯᠠᠬᠤ ᠳᠤ ᠪᠠᠨ ᠮᠤᠳᠤ ᠪᠤᠶᠤ ᠳ᠋ᠠᠯᠤᠤ ᠶᠢᠨ ᠨᠦᠭᠡ ᠪᠦᠷᠢ ᠶᠢ ᠶᠤᠵᠤᠯᠠᠨ ᠨᠡᠷᠡᠯᠡᠵᠤ᠂ ᠰᠢᠯᠦᠭᠯᠡᠨ ᠤᠡᠭᠰᠢᠵᠤ ᠲᠤᠭᠯᠠᠳᠠᠭ᠃ ᠢᠡᠭᠬᠡᠭᠰᠡᠨ ᠢᠶᠠᠷ ᠮᠣᠩᠭᠤᠯ ᠨᠤᠲᠤᠭ ᠤᠨ ᠤᠷᠠᠨ ᠬᠡᠯᠡᠯᠭᠡ ᠲᠠᠢ ᠲᠤᠭᠯᠠᠭᠠᠮ ᠨᠠᠭᠠᠳᠣᠮ ᠤᠨ ᠨᠢᠭᠡ ᠪᠤᠯᠤᠭᠰᠠᠨ ᠪᠠᠶᠢᠨ᠎ᠠ᠃ ᠳ᠋ᠠᠯᠤᠤ ᠶᠢᠨ ᠨᠡᠷ᠎ᠡ ᠲᠤᠮᠢᠶᠠᠨ ᠠᠴᠠ ᠬᠠᠷᠠᠬᠤ ᠳᠤ ᠲᠦᠷᠰᠤᠨ ᠤ ᠬᠡᠯᠪᠡᠷᠢ ᠪᠠᠷ ᠢᠶᠠᠨ ᠳᠤᠳᠤᠷᠬᠠᠢ ᠤᠨᠤᠭᠠᠭᠰᠠᠨ ᠨᠡᠷᠡᠶᠢᠳᠤᠯ ᠲᠠᠢ ᠪᠠᠶᠢᠳᠠᠭ᠃ ᠳ᠋ᠠᠯᠤᠤ ᠶᠢ ᠨᠠᠭᠠᠳᠬᠤ ᠳᠤ ᠪᠠᠨ ᠨᠤᠲᠤᠭ ᠨᠤᠲᠤᠭ ᠤᠨ ᠠᠵᠤ ᠠᠬᠤᠢ᠂ ᠵᠠᠩ ᠵᠠᠩᠰᠢᠯ ᠵᠡᠷᠭᠡ ᠦᠪᠡᠷᠮᠢᠴᠡ ᠤᠨᠴᠠᠯᠢᠭ ᠠᠴᠠ ᠰᠢᠯᠳᠠᠭᠠᠯᠠᠵᠤ᠂ ᠦᠪᠡᠷ ᠦᠪᠡᠷ ᠤᠨ ᠭᠡᠰᠡᠨ ᠦᠡᠭᠭᠡ ᠠᠶᠠᠰ᠂ ᠦᠪᠡᠷᠮᠢᠴᠡ ᠤᠨᠴᠠᠯᠢᠭ ᠲᠠᠢ ᠪᠠᠶᠢᠳᠠᠭ᠃ ᠡᠬᠦᠨ ᠳᠤ᠂ ᠮᠠᠶᠢᠬᠠᠨ ᠨᠤᠷᠠᠭᠠᠬᠤ ︵ᠳ᠋ᠡᠩᠵᠢᠤ ᠨᠠᠭᠠᠳᠬᠤ︶᠂ ᠳ᠋ᠠᠯᠤᠤ ︵ᠲᠠᠪᠬᠤᠷ ᠤᠨ ᠵᠠ︶ ᠨᠠᠭᠠᠳᠬᠤ ᠬᠡᠬᠦ ᠠᠷᠭ᠎ᠠ ᠬᠡᠯᠪᠡᠷᠢ ᠪᠠᠷ ᠨᠠᠭᠠᠳᠤᠳᠠᠭ᠃
微信图片_20230807164437.jpg
      ᠲᠤᠰ ᠤᠳᠠᠭᠠᠨ ᠤ ᠤᠷᠤᠯᠳᠤᠭᠠᠨ ᠳᠤ ᠰᠢᠯᠢ ᠶᠢᠨ ᠭᠤᠤᠯ ᠠᠶᠢᠮᠠᠭ᠂ ᠲᠦᠷᠪᠡᠳ ᠬᠤᠰᠢᠭᠤ ᠵᠡᠷᠭᠡ ᠤᠶᠢᠷ᠎ᠡ ᠵᠡᠷᠭᠡᠯᠡᠳᠡᠭᠡ ᠬᠤᠲᠠ ᠠᠶᠢᠮᠠᠭ ᠤᠨ ᠵᠢᠷᠠᠭᠠᠳ ᠬᠦᠮᠦᠰ ᠢᠳᠡᠪᠬᠡᠶᠢᠲᠠᠢ ᠤᠷᠤᠯᠴᠠᠵᠤ᠂ ᠤᠷ᠎ᠠ ᠴᠢᠳᠠᠪᠤᠷᠢ᠂ ᠤᠬᠠᠭᠠᠨ ᠮᠡᠷᠭᠡᠵᠢᠯ ᠢᠶᠠᠨ ᠬᠠᠷᠠᠭᠤᠯᠪᠠ᠃ ᠤᠷᠤᠯᠳᠤᠭᠠᠨ ᠤ ᠠᠬᠤᠢ ᠲᠠᠯᠠᠪᠠᠢ ᠳᠤ ᠤᠷᠤᠯᠴᠠᠭᠰᠠᠳ ᠮᠣᠩᠭᠤᠯ ᠬᠤᠪᠴᠠᠰᠤ ᠵᠠᠰᠠᠯ ᠢᠶᠠᠷ ᠢᠶᠠᠨ ᠭᠠᠨᠭ᠍ᠭᠠᠷᠠᠵᠤ᠂ ᠤᠷᠤᠯᠳᠤᠭᠠᠨ ᠤᠳᠬ᠎ᠠ ᠠᠭᠤᠯᠭ᠎ᠠ ᠲᠠᠢ ᠰᠠᠶᠢᠬᠠᠨ ᠶᠠᠪᠤᠬᠳᠠᠬᠰᠠᠨ ᠪᠠᠶᠢᠨ᠎ᠠ᠃ ᠨᠠᠭᠠᠳᠤᠮ ᠤᠨ ᠳ᠋ᠦᠡᠭ ᠳᠤ ᠮᠠᠶᠢᠬᠠᠨ ᠨᠤᠷᠠᠭᠠᠬᠤ  ᠨᠠᠭᠠᠳᠤᠮ ᠳᠤ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠳᠠᠯᠠᠢ᠂ ᠱᠢᠷᠤᠨᠴᠡᠴᠡᠭ ᠲᠡᠷᠢᠬᠦᠯᠡᠵᠤ᠂ ᠷᠢᠨᠴᠢᠨᠳᠤᠷᠵᠢ᠂ ᠪᠤᠳᠢᠭᠡᠷᠡᠯ ︵ᠵᠡᠬᠦᠨ ᠰᠦᠨᠢᠳ︶ ᠳᠡᠳ᠋ᠯᠡᠨ᠂ ᠴᠠᠭᠠᠨᠬᠠᠳᠠ ᠰᠤᠮᠤᠨ ᠤ ᠲᠤᠭᠠᠷᠵᠠᠪ᠂ ᠲᠦᠬᠦᠶᠢᠮ᠎ᠠ ᠭᠤᠷᠪᠠᠳᠤᠭᠠᠷ ᠲᠤ ᠳᠤᠳᠤᠷᠠᠵᠤ᠂ ᠳ᠋ᠠᠯᠤᠤ ︵ᠲᠠᠪᠬᠤᠷ ᠤᠨ ᠵᠠ︶ ᠨᠠᠭᠠᠡᠳᠤᠮ ᠳᠤ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠮᠠᠨᠳᠣᠯ ᠪᠠᠯᠭᠠᠰᠤᠨ ᠤ ᠪᠠᠪᠦᠤ ᠮᠡᠭᠯᠠᠶᠢᠯᠠᠨ᠂ ᠮᠠᠨᠳᠣᠯ ᠪᠠᠯᠭᠠᠰᠤᠨ ᠤ ᠡᠷᠳᠡᠨᠢᠴᠢᠯᠠᠭᠤ ᠳᠡᠳ᠋ᠯᠡᠵᠦ᠂ ᠮᠠᠨᠳᠣᠯ ᠪᠠᠯᠭᠠᠰᠤᠨ ᠤ ᠠᠳᠢᠶ᠎ᠠ ᠭᠤᠷᠪᠠᠳᠤᠭᠠᠷ ᠲᠤ ᠲᠤᠳᠤᠷᠠᠭᠰᠠᠨ ᠪᠠᠶᠢᠨ᠎ᠠ᠃
微信图片_20230807164444.jpg
      ᠳᠠᠷᠬᠠᠨ ᠮᠣᠣᠮᠢᠩᠭᠠᠨ ᠬᠤᠯᠪᠤᠭᠠᠲᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠰᠤᠶᠤᠯ ᠵᠢᠭᠤᠯᠴᠢᠯᠠᠯ ᠤᠨ ᠨᠠᠶᠢᠷ ᠵᠢᠴᠢ ᠭᠤᠴᠢᠨ ᠭᠤᠷᠪᠠᠳᠤᠭᠠᠷ ᠬᠤᠭᠤᠴᠠᠭᠠᠨ ᠤ ᠨᠠᠭᠠᠳᠣᠮ ᠤᠨ ᠶᠡᠭᠡ ᠬᠤᠷᠠᠯ ᠤᠨ ᠵᠢᠷᠠ ᠨᠠᠭᠠᠳᠤᠮ ᠤᠨ ᠤᠷᠤᠯᠳᠤᠭᠠᠨ ᠨᠢ ᠤᠯᠠᠨ ᠲᠦᠮᠡᠨ ᠤ ᠤᠷᠤᠯᠴᠠᠬᠤ ᠳᠤᠷᠠᠲᠠᠢ᠂ ᠦᠵᠡᠵᠤ ᠬᠠᠷᠠᠬᠤ ᠪᠠᠭ᠋ᠠᠲᠠᠢ ᠰᠠᠶᠢᠬᠠᠨ ᠤᠷᠤᠯᠳᠤᠭᠠᠨ ᠪᠤᠯᠵᠤ᠂ ᠨᠠᠶᠢᠷ ᠨᠠᠭᠠᠳᠣᠮ ᠢᠶᠠᠨ ᠦᠡᠭᠭᠡᠯᠡᠨ᠂ ᠣᠯᠠᠮᠵᠢᠯᠠᠯᠲᠤ ᠰᠤᠶᠤᠯ ᠢᠶᠠᠨ ᠵᠠᠯᠭᠠᠮᠵᠢᠯᠠᠨ ᠪᠠᠳᠠᠷᠠᠭᠤᠯᠬᠤ ᠡᠷᠴᠢ ᠵᠣᠷᠢᠭ ᠢ ᠬᠦᠪᠴᠢᠯᠡᠭᠰᠡᠨ ᠪᠠᠶᠢᠨ᠎ᠠ᠃
微信图片_20230807164451.jpg
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号