ᠠ᠊ ᠂ ᠤᠳᠬᠠᠨᠪᠠᠶᠠᠷ
ᠨᠡᠶᠢᠲᠡᠯᠡᠭᠰᠡᠨ ᠴᠠᠭ᠄
2023/8/4
      ᠨᠠᠢᠮᠠᠨ ᠰᠠᠷ᠎ᠠ ᠶᠢᠨ ᠨᠠᠯᠠᠭᠠᠷ ᠡᠳᠦᠷ ᠤᠳ ᠠᠷᠤ ᠠᠷᠤ ᠠᠴᠠ ᠪᠠᠨ ᠴᠤᠪᠤᠷᠠᠨ᠂ ᠬᠢᠯᠢ ᠶᠢᠨ ᠨᠤᠳᠤᠭ ᠲᠠᠷᠬᠠᠨ ᠮᠤᠤᠮᠢᠩᠭᠠᠨ ᠳᠤ ᠮᠢᠨᠢ ᠪᠠᠶᠠᠷ ᠨᠠᠭᠠᠳᠤᠮ ᠤᠨ ᠰᠠᠶᠢᠬᠠᠨ ᠡᠳᠦᠷ ᠤᠳ ᠦᠷᠭᠦᠯᠵᠢᠯᠡᠵᠤ᠂ ᠬᠦᠮᠦᠨ ᠵᠤᠨ ᠤ ᠪᠠᠨ ᠰᠡᠳᠬᠢᠯ ᠢ ᠲᠡᠨᠡᠶᠢᠯᠭᠡᠵᠦ ᠪᠠᠶᠢᠨ᠎ᠠ᠃ 8  ᠰᠠᠷ᠎ᠠ ᠶᠢᠨ 7 ᠤ ᠡᠳᠦᠷ ᠬᠤᠰᠢᠭᠤᠨ ᠲᠦᠪ ᠪᠠᠳᠤᠬᠠᠭᠠᠯᠭ᠎ᠠ ᠪᠠᠯᠭᠠᠰᠤᠨ  ᠤ ᠲᠤᠬᠯᠠᠯᠳᠠ ᠶᠢᠨ ᠲᠦᠪ ᠲᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠢᠩᠭᠠᠨ ᠪᠠᠯᠭᠠᠰᠤ ᠪᠠᠷ ᠨᠤᠳᠤᠭ  ᠲᠠᠢ ᠢᠷᠠᠭᠤ ᠨᠠᠶᠢᠷᠠᠬᠴᠢ ᠠ᠊᠂ ᠤᠳᠬᠤᠨᠪᠠᠶᠠᠷ ᠤᠨ ︽ᠴᠠᠮᠢᠨ ᠪᠠᠶᠢᠭᠠᠯᠢ︾ ᠤᠷᠠᠨ ᠪᠦᠳᠦᠭᠡᠯ ᠤᠨ ᠲᠠᠶᠢᠯᠤᠨ ᠲᠤᠬᠯᠠᠯᠳᠠ ᠨᠢᠵᠢᠭᠡᠷ ᠰᠠᠶᠢᠬᠠᠨ ᠶᠠᠪᠤᠬᠳᠠᠯ᠎ᠠ᠃      ᠤᠷᠠᠨ ᠪᠦᠳᠦᠭᠡᠯᠴᠢ ᠠ᠊᠂ ᠤᠳᠬᠤᠨᠪᠠᠶᠠᠷ ᠮᠠᠨᠢ ᠡᠬᠡ ᠨᠤᠳᠤᠭ᠂ ᠬᠡᠯᠡ ᠰᠤᠶᠤᠯ ᠳᠤ ᠪᠠᠨ ᠬᠠᠶᠢᠷᠠᠳᠠᠢ ᠬᠦᠮᠦᠨ ᠤ ᠬᠤᠪᠢ ᠠᠴᠠ ᠤᠯᠠᠨ ᠵᠢᠯ ᠤᠨ ᠤᠶᠢᠭ᠎ᠠ ᠦᠬᠡᠢ ᠬᠦᠳᠡᠯᠮᠦᠷᠢ᠂ ᠰᠢᠷᠭᠠᠬᠤ ᠴᠢᠷᠮᠠᠶᠢᠯᠭ᠎ᠠ ᠪᠠᠷ ᠢᠶᠠᠨ ᠤᠯᠠᠨ ᠰᠠᠶᠢᠬᠠᠨ ᠳᠠᠭᠤᠤ ᠶᠢᠨ ᠢᠷᠠᠭᠤ ᠨᠠᠶᠢᠷᠠᠭ ᠪᠢᠴᠢᠵᠤ᠂ ᠡᠯ᠎ᠡ ᠭᠠᠵᠠᠷ ᠤᠷᠤᠨ ᠤ ᠠᠶ᠎ᠠ ᠵᠤᠬᠢᠶᠠᠬᠴᠢ᠂ ᠰᠤᠳᠤᠨ ᠲᠠᠭᠤᠴᠢᠳ ᠲᠠᠢ ᠬᠠᠮᠳᠤᠷᠠᠨ ᠵᠠᠭᠤ ᠰᠢᠬᠠᠭᠤ ᠲᠠᠭᠤᠤ ᠶᠢᠨ ᠤᠷᠠᠨ ᠪᠦᠳᠦᠭᠡᠯ ᠲᠠᠢ ᠪᠤᠯᠤᠬᠰᠠᠨ ᠶᠤᠮ᠃ ᠲᠤᠰ ᠤᠳᠠᠭᠠᠨ ᠤ ᠤᠷᠠᠨ ᠪᠦᠳᠦᠭᠡᠯ ᠤᠨ ᠲᠠᠶᠢᠯᠤᠨ ᠲᠤᠬᠯᠠᠯᠳᠠ ᠳᠤ ᠪᠠᠨ 26 ᠰᠢᠯᠢᠳᠡᠭ ᠤᠷᠠᠨ ᠪᠦᠳᠦᠭᠡᠯ ᠢᠶᠠᠨ ᠭᠤᠴᠢ ᠰᠢᠬᠠᠭᠤ ᠲᠠᠭᠤᠴᠢᠳ ᠤᠨ ᠤᠷᠤᠯᠴᠠᠭ᠎ᠠ ᠲᠠᠢ ᠪᠠᠷ ᠦᠵᠡᠭᠴᠢ ᠲᠦᠮᠡᠨ ᠳᠤ ᠪᠠᠨ ᠡᠷᠬᠦᠨ ᠪᠠᠷᠢᠬᠰᠠᠨ ᠪᠠᠶᠢᠨ᠎ᠠ᠃
微信图片_20230807163929.png
      ᠨᠤᠳᠤᠭ ᠤᠰᠤ᠂  ᠠᠴᠢ ᠡᠨᠡᠷᠢᠯ᠂  ᠢᠨᠠᠭ ᠬᠠᠶᠢᠷ᠎ᠠ ᠪᠠᠨ ᠮᠠᠬᠳᠠᠨ ᠲᠠᠭᠤᠯᠠᠬᠰᠠᠨ ᠭᠤᠴᠤ ᠰᠠᠶᠢᠬᠠᠨ ᠤᠷᠠᠨ ᠪᠦᠳᠦᠭᠡᠯ ᠤᠳ ᠨᠢ ᠦᠪᠦᠷ ᠮᠤᠩᠭᠤᠯ ᠤᠷᠤᠨ ᠤ ᠰᠢᠯᠢᠳᠡᠭ ᠵᠠᠯᠠᠭᠤ ᠤᠷᠠᠨ ᠪᠦᠳᠦᠭᠡᠯᠴᠢᠳ ᠤᠨ ᠠᠮᠢᠯᠠᠭᠤᠯᠤᠨ ᠲᠠᠭᠤᠯᠠᠬᠰᠠᠨ ᠢᠶᠠᠷ ᠦᠵᠡᠭᠴᠢ ᠲᠦᠮᠡᠨ ᠤ ᠪᠠᠨ ᠬᠠᠯᠠᠭᠤᠨ ᠲᠠᠭᠠᠰᠢᠶᠠᠯ ᠢ ᠤᠯᠵᠤ᠂ ︽ᠲᠡᠵᠢ ᠦᠬᠡᠢ ᠦᠬᠢᠨ︾᠂ ︽ᠴᠠᠮᠢᠨ ᠪᠠᠶᠢᠭᠠᠯᠢ︾᠂  ︽ᠰᠠᠴᠤᠯᠢ︾ ᠵᠡᠷᠭᠡ ᠭᠤᠴᠤ ᠰᠠᠶᠢᠬᠠᠨ ᠲᠠᠭᠤᠤ ᠨᠤᠭᠤᠳ ᠨᠢ ᠦᠵᠡᠭᠴᠢᠳ ᠤᠨ ᠨᠢᠵᠢᠭᠡᠨᠡᠭᠰᠡᠨ ᠠᠯᠠᠭ᠎ᠠ ᠲᠠᠰᠢᠯᠳᠠ ᠶᠢ ᠤᠯᠵᠦ᠂ ᠲᠤᠬᠯᠠᠯᠳᠠ ᠶᠢᠨ ᠲᠦᠪ ᠤᠨ 800 ᠭᠠᠷᠤᠢ ᠰᠠᠭᠤᠳᠠᠯ ᠪᠦᠬᠦᠨ ᠢᠶᠠᠷ ᠢᠶᠠᠨ ᠲᠦᠭᠦᠷᠴᠦ᠂ ᠵᠠᠯᠠᠭᠤ ᠲᠠᠭᠤᠴᠢᠨ ᠬᠦᠭᠵᠢᠯᠪᠠᠭᠠᠳᠤᠷ᠂ ᠰᠦᠮᠡᠨᠬᠤᠸᠠᠷ᠂ ᠠᠨᠠᠷ᠂ ᠰᠠᠬᠢᠶ᠎ᠠ ᠨᠠᠷ ᠤᠷᠠᠨ ᠪᠦᠳᠦᠭᠡᠯᠴᠢ ᠠ᠊᠂ ᠤᠳᠬᠤᠨᠪᠠᠶᠠᠷ ᠲᠠᠢ ᠬᠠᠮᠳᠤᠷᠠᠨ ᠪᠦᠳᠦᠭᠡᠭᠰᠡᠨ ᠤᠷᠠᠨ ᠪᠦᠳᠦᠭᠡᠯ ᠢᠶᠠᠨ ᠡᠷᠭᠦᠨ ᠪᠠᠷᠢᠬᠰᠠᠨ ᠪᠠᠶᠢᠨ᠎ᠠ᠃   
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号