ᠤᠯᠠᠮᠵᠢᠯᠠᠯᠳᠦ ᠨᠠᠭᠠᠳᠤᠮ ᠲᠤᠭᠯᠠᠭᠠᠮ ᠢᠶᠠᠷ ᠢᠶᠠᠨ ᠭᠠᠩᠭᠠᠷᠠᠭᠰᠠᠨ ᠬᠠᠳᠠᠬᠤᠰᠢᠭᠤ ᠭᠠᠴᠠᠭᠠᠨ ᠤ ᠬᠢᠨ
ᠨᠡᠶᠢᠲᠡᠯᠡᠭᠰᠡᠨ ᠴᠠᠭ᠄
2023/8/8
      8 ᠰᠠᠷᠠᠶᠢᠨ 6 ᠤ ᠡᠳᠦᠷ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠴᠠᠭᠠᠨᠬᠠᠳᠠ ᠰᠣᠮᠣᠨ ᠤ ᠬᠠᠳᠠᠨᠬᠤᠰᠢᠭᠤ ᠭᠠᠴᠠᠭᠠᠨ ᠤ ᠬᠢᠨ ᠦᠷᠯᠦᠬᠡᠨ ᠤ ᠨᠠᠷᠠ ᠲᠠᠢ ᠤᠷᠤᠯᠳᠤᠨ ᠰᠤᠮᠤᠨ ᠲᠦᠪ ᠲᠤ ᠪᠠᠨ ᠴᠤᠬᠯᠠᠵᠤ᠂ ᠲᠤᠬᠳᠠᠬᠰᠠᠨ ᠡᠳᠦᠷ᠂ ᠲᠤᠪᠯᠠᠬᠰᠠᠨ ᠴᠠᠭ ᠲᠤ ᠪᠠᠨ ᠬᠤᠯᠠ ᠤᠶᠢᠷ᠎ᠠ ᠶᠢᠨ ᠬᠡᠶᠢᠴᠢᠨ ᠵᠤᠴᠢᠨ ᠢᠶᠠᠨ ᠤᠭᠲᠤᠨ ᠲᠤᠰᠴᠦ᠂ ᠬᠠᠲᠠᠨᠬᠤᠰᠢᠭᠤ ᠭᠠᠴᠠᠭᠠᠨ ᠤ ᠮᠠᠯᠴᠢᠳ ᠤᠨ ᠤᠯᠠᠮᠵᠢᠯᠠᠯᠲᠤ ᠨᠠᠭᠠᠳᠤᠮ ᠢᠶᠠᠨ ᠲᠡᠯᠭᠡᠷ ᠰᠠᠶᠢᠬᠠᠨ ᠡᠬᠢᠯᠡᠭᠦᠯᠦᠭᠰᠡᠨ ᠪᠠᠶᠢᠨ᠎ᠠ᠃ ᠬᠦᠳᠡᠯᠬᠡᠬᠡᠨ ᠳᠡᠭᠡᠷ᠎ᠡ ᠮᠦᠨ ᠴᠦ ᠬᠤᠰᠢᠭᠤ᠂ ᠰᠤᠮᠤ ᠱᠠᠲᠤᠨ ᠤ ᠤᠳᠤᠷᠢᠳᠤᠯᠭ᠎ᠠ ᠬᠠᠷᠢᠭᠤᠴᠠᠯᠭᠠᠲᠠᠳ ᠤᠷᠤᠯᠴᠠᠵᠤ᠂ ᠸᠠᠩ ᠵᠧᠩ ᠫᠢᠩ ᠤᠨ ᠬᠡᠷᠡᠯ ᠵᠢᠷᠤᠭ ᠤᠨ ᠰᠠᠭᠤᠷᠢᠨ ᠭᠠᠵᠠᠷ ᠤᠨ ᠫᠠᠶᠢᠰᠠ ᠡᠯᠬᠦᠬᠦ ᠶᠤᠰᠤᠯᠠᠯ ᠢ ᠶᠠᠪᠤᠬᠳᠠᠭᠤᠯᠪᠠ᠃      ᠶᠡᠷᠤᠨᠢ ᠵᠢᠯ ᠪᠤᠯᠭᠠᠨ ᠤ ᠭᠤᠷᠪᠠᠨ ᠰᠠᠷ᠎ᠠ ᠶᠢᠨ ᠨᠠᠢᠮᠠᠨ ᠤ ᠡᠮᠡᠭᠲᠠᠶᠢᠴᠤᠳ ᠤᠨ ᠪᠠᠶᠠᠷ᠂ ᠲᠠᠪᠤᠨ ᠰᠠᠷ᠎ᠠ ᠶᠢᠨ ᠲᠦᠷᠪᠡᠨ ᠤ ᠵᠠᠯᠠᠭᠤᠴᠤᠳ ᠤᠨ ᠪᠠᠶᠠᠷ ᠬᠡᠭᠦ ᠮᠡᠳᠦᠴᠢᠯᠡᠨ ᠪᠠᠶᠠᠷ ᠲᠤᠷᠠᠰᠬᠠᠯ ᠤᠨ ᠡᠳᠦᠷ ᠤᠳ ᠢᠶᠠᠷ ᠮᠠᠯᠴᠢᠨ ᠲᠦᠮᠡᠨ ᠠᠵᠢᠯ ᠤᠯᠠᠨᠲᠠᠢ᠂ ᠴᠠᠭ ᠵᠠᠪ ᠦᠭᠡᠢ ᠪᠠᠶᠢᠳᠠᠭ ᠠᠴᠠ ᠭᠠᠴᠠᠭᠠᠨ ᠤ ᠬᠤᠶᠠᠷ ᠵᠦᠪᠯᠠᠯ ᠤᠨ ᠬᠢᠨ ᠵᠤᠨ ᠤ ᠳᠡᠯᠭᠡᠷ ᠰᠠᠶᠢᠬᠠᠨ ᠴᠠᠭ ᠢ ᠰᠤᠩᠭᠤᠵᠤ᠂ ᠵᠢᠯ ᠤᠨ ᠴᠢᠨᠡᠭᠡ ᠪᠠᠷ ᠵᠢᠳᠬᠦᠨ ᠠᠵᠢᠯᠯᠠᠭᠰᠠᠨ ᠮᠠᠯᠴᠢᠨ ᠲᠦᠮᠡᠨ ᠢᠶᠠᠨ ᠲᠦᠷ ᠵᠠᠭᠤᠷ᠎ᠠ ᠬᠦᠯ ᠢ ᠨᠢ ᠠᠮᠠᠷᠠᠭᠤᠯᠵᠤ᠂ ᠨᠢᠷᠤᠭᠤ ᠶᠢ ᠨᠢ ᠲᠡᠨᠡᠶᠢᠯᠭᠡᠨ᠂ ᠪᠠᠶᠠᠷ ᠳᠤᠷᠠᠰᠬᠠᠯ ᠤᠨ ᠡᠳᠦᠷ ᠢᠶᠠᠨ ᠬᠠᠮᠳᠤ ᠳᠤ ᠪᠠᠨ ᠲᠡᠮᠳᠡᠭᠯᠡᠬᠦ ᠵᠤᠷᠢᠯᠭ᠎ᠠ ᠪᠠᠷ ᠲᠤᠰ ᠤᠳᠠᠭᠠᠨ ᠤ ᠮᠠᠯᠴᠢᠳ ᠤᠨ ᠤᠯᠠᠮᠵᠢᠯᠠᠯᠳᠤ ᠨᠠᠭᠠᠳᠤᠮ ᠢᠶᠠᠨ ᠡᠷᠬᠢᠯᠡᠨ ᠶᠠᠪᠤᠬᠳᠠᠭᠤᠯᠵᠠᠢ᠃
微信图片_20230808102159.jpg
      ᠬᠦᠳᠡᠯᠬᠡᠬᠡᠨ ᠳᠤ ᠪᠠᠨ ᠨᠤᠲᠤᠭ ᠤᠰᠤᠨ ᠤ ᠪᠠᠨ ᠨᠡᠷ᠎ᠡ ᠠᠯᠳᠠᠷ ᠢ ᠡᠷᠬᠦᠵᠤ ᠶᠠᠪᠤᠭ᠎ᠠ ᠤᠳᠤᠨ ᠰᠤᠳᠤᠨ ᠬᠦᠮᠦᠰ᠂ ᠰᠤᠶᠤᠯ ᠤᠯᠠᠮᠵᠢᠯᠠᠯ ᠤᠨ ᠵᠢᠳᠬᠦᠯᠲᠡᠨ ᠨᠠᠷ ᠢᠶᠠᠨ ᠱᠠᠩᠨᠠᠨ ᠬᠦᠬᠢᠭᠦᠯᠵᠦ᠂ ᠠᠬᠠᠮᠠᠳ ᠲᠤᠮᠤᠭᠠᠳᠠᠳ ᠢᠶᠠᠨ ᠬᠦᠨᠳᠦᠯᠡᠨ ᠬᠠᠶᠢᠷᠠᠯᠠᠬᠤ᠂ ᠲᠠᠭᠤᠷᠢᠶᠠᠯ ᠤᠨ ᠬᠦᠴᠦᠨ ᠢ ᠪᠠᠳᠠᠷᠠᠭᠤᠯᠬᠤ ᠵᠡᠷᠭᠡ ᠰᠠᠶᠢᠬᠠᠨ ᠠᠭᠤᠯᠭ᠎ᠠ ᠶᠢ ᠪᠠᠭᠳᠠᠭᠠᠬᠰᠠᠨ ᠢᠶᠠᠷ ᠪᠠᠷᠠᠬᠤ ᠦᠬᠡᠢ ᠮᠠᠯᠴᠢᠳ ᠤᠨ ᠦᠷᠬᠦᠯᠵᠢ ᠨᠠᠭᠠᠳᠤᠳᠠᠭ ᠱᠠᠭ᠎ᠠ ᠨᠠᠭᠠᠳᠤᠮ᠂ ᠵᠢᠷᠠ ᠨᠠᠭᠠᠳᠣᠮ᠂ ᠡᠮᠡᠭᠡᠯ ᠤᠬᠰᠤᠷᠬᠤ ᠵᠡᠷᠭᠡ ᠠᠭᠤᠯᠭ᠎ᠠ ᠲᠠᠢ ᠤᠯᠠᠮᠵᠢᠯᠠᠯᠳᠤ ᠨᠠᠭᠠᠳᠤᠮ ᠲᠤᠬᠯᠠᠭᠠᠮ ᠤᠳ ᠢ ᠶᠠᠪᠤᠬᠳᠠᠭᠤᠯᠤᠬᠰᠠᠨ ᠪᠠᠶᠢᠨ᠎ᠠ᠃       ᠤᠯᠠᠮᠵᠢᠯᠠᠯᠲᠤ ᠨᠠᠭᠠᠳᠤᠮ ᠲᠤᠭᠯᠠᠭᠠᠮ ᠢᠶᠠᠷ ᠢᠶᠠᠨ ᠪᠤᠯᠵᠤᠵᠤ᠂ ᠤᠴᠢᠷᠲᠠᠢ ᠵᠦᠢᠯ ᠢ ᠬᠠᠷᠠᠭᠤᠯᠤᠭᠰᠠᠨ ᠬᠠᠲᠠᠨᠬᠤᠰᠢᠭᠤ ᠭᠠᠴᠠᠭᠠᠨ ᠤ ᠮᠠᠯᠴᠢᠳ ᠤᠨ ᠤᠯᠠᠮᠵᠢᠯᠠᠯᠲᠤ ᠨᠠᠭᠠᠳᠣᠮ ᠤᠨ ᠶᠠᠪᠤᠴᠠ ᠳᠤ ᠪᠠᠰᠠ ᠨᠤᠳᠤᠭ ᠤᠨ ᠠᠬᠠᠮᠠᠳ ᠠᠴᠠ ᠲᠦᠳᠡᠭ ᠬᠢᠵᠤ ᠲᠡᠬᠡᠰᠤ ᠲᠠᠮᠤᠬᠤ᠂ ᠡᠮᠡᠬᠡᠯ ᠤᠬᠰᠤᠷᠬᠤ ᠵᠡᠷᠭᠡ ᠵᠠᠩ ᠦᠢᠯᠡ ᠶᠢ ᠵᠠᠯᠠᠭᠤ ᠨᠢᠭᠡ ᠦᠶ᠎ᠡ ᠶᠢᠨ ᠬᠢᠨ ᠳᠤ ᠰᠤᠨᠢᠷᠬᠠᠭᠤᠯᠤᠨ ᠦᠵᠡᠬᠦᠯᠦᠭᠰᠡᠨ ᠪᠠᠶᠢᠨ᠎ᠠ᠃
微信图片_20230808102200.jpg
  
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号