ᠰᠢᠨᠬᠤᠸᠠ ᠬᠤᠷᠢᠶ᠎ᠠ ᠶᠢᠨ ᠬᠠᠷᠪᠢᠨ ᠤ 9 ᠰᠠᠷ᠎ᠠ ᠶᠢᠨ 9 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ 7 ᠤ ᠦᠳᠡ ᠶᠢᠨ ᠬᠤᠶᠢᠨ᠎ᠠ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠳᠤ ᠰᠢᠨ᠎ᠡ ᠴᠠᠭ ᠦᠶ᠎ᠡ ᠶᠢᠨ ᠵᠡᠭᠦᠨ | ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠡᠭᠦᠨ | ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠰᠢᠨ᠎ᠡ | ᠰᠢᠪᠲᠤᠯᠤᠯᠲᠠ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠵᠡᠭᠦᠨ | ᠬᠤᠶᠢᠲᠤ ᠣᠷᠣᠨ ᠤ ᠤᠯᠤᠰ ᠤᠨ ︽ᠲᠠᠪᠤᠨ ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠴᠢᠬᠤᠯᠠ ᠡᠭᠦᠷᠭᠡ ᠶᠢ | ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠪᠠ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠭᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠠᠪᠠᠭᠤᠯᠢᠭ ᠢᠶᠠᠨ ᠪᠠᠬᠢᠵᠢᠭᠦᠯᠬᠦ᠂ ᠳᠤᠲᠠᠭᠤᠳᠠᠯ ᠢᠶᠠᠨ | ᠨᠥᠬᠦᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠪᠠ ᠳᠣᠲᠣᠭᠠᠳᠤ | ᠬᠥᠳᠡᠯᠭᠡᠬᠦ ᠬᠦᠴᠦᠨ ᠢ ᠬᠥᠭᠵᠢᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠬᠠᠷᠠᠯᠲᠠ ᠪᠠᠨ ᠰᠤᠯᠠᠷᠠᠭᠤᠯᠤᠯ | ᠦᠭᠡᠢ ᠪᠠᠷᠢᠮᠲᠠᠯᠠᠵᠤ᠂ ᠵᠣᠷᠢᠭᠲᠠᠢ ᠬᠢᠵᠦ ᠵᠣᠷᠢᠭᠲᠠᠢ ᠠᠵᠢᠯᠯᠠᠵᠤ ᠪᠣᠳᠠᠲᠠᠢ ᠠᠵᠢᠯᠯᠠᠵᠤ᠂ ᠴᠢᠨᠠᠷ ᠰᠠᠶᠢᠲᠠᠢ ᠬᠥᠭᠵᠢᠭᠰᠡᠨ᠂ | ᠦᠷᠭᠦᠯᠵᠢᠯᠡᠨ ᠬᠥᠭᠵᠢᠨ ᠮᠠᠨᠳᠤᠬᠤ ᠰᠢᠨ᠎ᠡ ᠵᠠᠮ ᠢᠶᠠᠷ ᠴᠢᠷᠮᠠᠶᠢᠨ ᠵᠠᠮᠨᠠᠵᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | 9 ᠰᠠᠷ᠎ᠠ ᠶᠢᠨ 7 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠷᠠᠮᠥ᠋ᠷᠡᠨ ᠮᠤᠵᠢ ᠶᠢᠨ | ᠬᠠᠷᠪᠢᠨ ᠬᠤᠳᠠ ᠳᠤ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠢᠨ ᠪᠦᠸᠧ ᠭᠦ᠋ ᠰᠡᠭᠦᠳᠡᠷᠯᠡᠪᠡ | | | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ | ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ | ᠵᠧᠩ ᠱᠠᠨ ᠵᠢᠶᠧ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠧᠩ᠂ ᠭᠢᠷᠢᠨ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠵᠢᠩ ᠵᠢᠶᠦ᠋ᠨ ᠬᠠᠢ᠂ ᠬᠠᠷᠠᠮᠥ᠋ᠷᠡᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠦᠢ ᠴᠢᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠷᠢᠳ | ᠬᠤᠵᠢᠳ ᠦᠭᠡ ᠬᠡᠯᠡᠵᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢ | ᠠᠬᠢᠭᠤᠯᠬᠤ ᠪᠠᠶᠢᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠶᠠᠷᠢᠬᠤ ᠶᠢ ᠰᠣᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ 2018 | ᠣᠨ ᠤ 9 ᠰᠠᠷ᠎ᠠ ᠳᠤ ᠮᠦᠭᠳᠡᠨ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ | ᠶᠠᠷᠢᠯᠴᠠᠬᠤ ᠬᠤᠷᠠᠯ ᠬᠤᠷᠠᠯᠳᠤᠭᠰᠠᠨ ᠠᠴᠠ ᠨᠠᠭᠠᠰᠢ᠂ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ | ᠮᠣᠩᠭᠤᠯ ᠤᠨ ᠬᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ ᠠᠬᠢᠴᠠ | ᠰᠢᠨ᠎ᠡ ᠦᠷ᠎ᠡ ᠪᠦᠲᠦᠮᠵᠢ ᠭᠠᠷᠭᠠᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ︽ᠲᠣᠭᠲᠠᠪᠤᠷᠢᠵᠢᠭᠤᠯᠤᠭᠴᠢ︾ | ᠶᠢᠨ ᠦᠢᠯᠡᠳᠦᠯ ᠴᠢᠨᠠᠭᠰᠢᠳᠠ ᠪᠠᠬᠢᠵᠢᠵᠦ᠂ ᠠᠵᠤ ᠦᠢᠯᠡᠰ ᠤᠨ ᠠᠮᠤᠷ ᠲᠦᠪᠰᠢᠨ ᠤ ᠰᠠᠭᠤᠷᠢ ᠲᠠᠰᠤᠷᠠᠯᠳᠡ ᠦᠭᠡᠢ | ᠪᠠᠬᠢᠵᠢᠵᠦ᠂ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠦᠢᠯᠡᠳᠦᠯ ᠲᠠᠰᠤᠷᠠᠯᠳᠡ ᠦᠭᠡᠢ ᠴᠢᠩᠭᠠᠷᠠᠵᠤ᠂ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ᠂ ᠥᠭᠡᠷᠡᠴᠢᠯᠡᠯᠲᠡ | ᠨᠡᠭᠡᠭᠡᠯᠲᠡ ᠳᠤ ᠰᠢᠨ᠎ᠡ ᠳᠦᠷᠰᠦ ᠪᠠᠶᠢᠳᠠᠯ ᠢᠯᠡᠷᠡᠵᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠡᠭᠦᠨ ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ᠂ ᠠᠵᠤ | ᠦᠢᠯᠡᠰ ᠤᠨ ᠰᠠᠭᠤᠷᠢ ᠨᠡᠯᠢᠶᠡᠳ ᠵᠤᠵᠠᠭᠠᠨ᠂ ᠣᠷᠣᠨ ᠪᠠᠶᠢᠷᠢ ᠶᠢᠨ ᠳᠠᠪᠠᠭᠤᠯᠢᠭ ᠥᠪᠡᠷᠮᠢᠴᠡ᠂ ᠬᠥᠭᠵᠢᠯᠲᠡ ᠶᠢᠨ ᠳᠠᠯᠳᠠ | ᠬᠦᠴᠦᠨ ᠯᠤᠲᠤ ᠶᠡᠭᠡ ᠪᠠᠶᠢᠳᠠᠭ᠃ ᠣᠳᠣᠬᠠᠨ ᠳᠤ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠳᠤ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭᠠᠷᠠᠵᠤ ᠪᠠᠶᠢᠨ᠎ᠠ᠄ ᠥᠨᠳᠥᠷ ᠲᠦᠪᠰᠢᠨ ᠪᠦᠬᠦᠢ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠨᠢ ᠵᠡᠭᠦᠨ ᠬᠤᠶᠢᠲᠤ ᠣᠷᠣᠨ ᠤ | ᠰᠢᠨᠵᠢᠯᠡᠬᠦ ᠤᠬᠠᠭᠠᠨ ᠰᠤᠷᠭᠠᠨ ᠬᠥᠮᠦᠵᠢᠯ ᠪᠣᠯᠣᠨ ᠠᠵᠤ ᠦᠢᠯᠡᠰ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠳᠤ ᠠᠰᠢᠬᠲᠠᠢ︔ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠵᠡᠭᠦᠨ ᠬᠤᠶᠢᠲᠤ | ᠣᠷᠣᠨ ᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠴᠢᠨᠠᠭᠰᠢᠳᠠ ᠲᠤᠪᠤᠶᠢᠯᠭᠠᠪᠠ︔ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠵᠡᠭᠦᠨ ᠬᠤᠶᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠴᠢᠬᠤᠯᠠᠲᠠᠢ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠵᠡᠭᠦᠨ ᠬᠤᠶᠢᠲᠤ ᠣᠷᠣᠨ ᠤ ᠬᠢᠨ | ᠯᠠᠪᠲᠠᠢ ᠰᠦᠷ ᠵᠢᠪᠬᠤᠭ᠎ᠠ ᠪᠠᠨ ᠳᠠᠬᠢᠨᠲᠠ ᠪᠠᠳᠠᠷᠠᠭᠤᠯᠵᠤ᠂ ᠳᠠᠬᠢᠨᠲᠠ ᠰᠢᠯᠢᠳᠡᠭ ᠠᠮᠵᠢᠯᠲᠠ ᠣᠯᠬᠤ ᠶᠢ ᠢᠲᠡᠭᠡᠵᠦ ᠪᠠᠶᠢᠨ᠎ᠠ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ | ᠰᠢᠨ᠎ᠡ ᠶᠢ ᠡᠭᠦᠳᠬᠦ ᠶᠢ ᠠᠬᠢᠭᠤᠯᠵᠤ᠂ ᠵᠡᠭᠦᠨ ᠬᠤᠶᠢᠲᠤ ᠶᠢᠨ ᠣᠨᠴᠠᠯᠢᠭ ᠲᠠᠢ ᠳᠠᠪᠠᠭᠤᠯᠢᠭ ᠪᠦᠬᠦᠢ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠦᠨᠳᠦᠰᠦ ᠰᠠᠭᠤᠷᠢ ᠨᠢ ᠪᠣᠳᠠᠲᠤ ᠴᠣᠭᠴᠠ ᠶᠢᠨ ᠠᠵᠤ ᠠᠬᠤᠢ ᠳᠤ ᠪᠤᠢ | ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠤᠢ᠂ ᠴᠢᠭᠯᠡᠯ ᠨᠢ ᠠᠵᠤ | ᠦᠢᠯᠡᠰ ᠤᠨ ᠳᠡᠰ ᠳᠡᠪᠰᠢᠬᠦ ᠳᠤ ᠪᠤᠢ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ | ᠠᠳᠬᠤᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠪᠠᠬᠢᠵᠢᠭᠦᠯᠬᠦ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠨᠡᠮᠡᠯᠲᠡ ᠦᠷᠳᠡᠭ ᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ | ᠤᠯᠠᠮᠵᠢᠯᠠᠯᠲᠤ ᠦᠢᠯᠡᠳᠬᠦ ᠦᠢᠯᠡᠰ ᠤᠨ ᠲᠣᠭᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠥᠭᠡᠷᠡᠴᠢᠯᠡᠯᠲᠡ ᠶᠢ | ᠲᠦᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠳᠣᠣᠷᠠᠳᠤ ᠬᠡᠯᠬᠢᠶ᠎ᠡ ᠲᠡᠶᠢᠰᠢ ᠤᠷᠲᠤᠳᠬᠠᠬᠤ ᠶᠢ ᠠᠬᠢᠭᠤᠯᠵᠤ᠂ | ᠨᠡᠯᠢᠶᠡᠳ ᠲᠡᠭᠦᠯᠳᠡᠷᠵᠢᠭᠰᠡᠨ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ᠃ | ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠰᠢᠨᠵᠢᠯᠡᠬᠦ ᠤᠬᠠᠭᠠᠨ | ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠶᠢᠳᠬᠡᠵᠦ ᠰᠢᠯᠢᠳᠡᠭᠵᠢᠭᠦᠯᠦᠨ᠂ ᠰᠤᠳᠤᠯᠤᠨ ᠨᠡᠭᠡᠭᠡᠬᠦ | ᠣᠷᠣᠭᠤᠯᠤᠯᠲᠠ ᠪᠠᠨ ᠨᠡᠮᠡᠭᠳᠡᠭᠦᠯᠵᠦ᠂ ᠨᠡᠩ ᠤᠯᠠᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠡᠵᠡᠮᠰᠢᠬᠦ ᠬᠡᠷᠡᠭᠲᠡᠢ᠃ ᠠᠵᠤ | ᠦᠢᠯᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠢ ᠪᠤᠶᠢᠵᠢᠭᠤᠯᠵᠤ᠂ ᠠᠵᠢᠯ ᠲᠥᠷᠥᠯ ᠢᠶᠠᠷ ᠬᠠᠮᠲᠤᠷᠠᠯᠴᠠᠬᠤ ᠶᠢ | ᠴᠢᠩᠭᠠᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠣᠨᠳᠣᠣᠰᠢᠭᠤᠯᠬᠤ ᠶᠢ | ᠲᠦᠷᠭᠡᠳᠬᠡᠬᠦ ᠬᠡᠷᠡᠭᠲᠡᠢ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠲᠡᠷᠢᠭᠦᠨ ᠤ ᠦᠢᠯᠡᠳᠬᠦ ᠦᠢᠯᠡᠰ᠂ ᠡᠯᠧᠺᠳ᠋ᠷᠣᠨ | ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠢ | ᠪᠤᠶᠢᠵᠢᠭᠤᠯᠵᠤ᠂ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠲᠦᠷᠭᠡᠪᠴᠢᠯᠡᠨ ᠪᠤᠢ ᠪᠤᠯᠭᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠴᠢᠩᠭᠠᠷᠠᠭᠤᠯᠬᠤ ᠬᠡᠷᠡᠭᠲᠡᠢ᠃ | ᠰᠠᠯᠬᠢᠨ ᠬᠦᠴᠦᠨ ᠤ ᠴᠠᠭᠢᠯᠭᠠᠨ᠂ ᠭᠡᠷᠡᠯ ᠴᠠᠭᠢᠯᠭᠠᠨ᠂ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢ | ᠲᠦᠷᠭᠡᠪᠴᠢᠯᠡᠨ ᠬᠥᠭᠵᠢᠭᠦᠯᠵᠦ᠂ ᠰᠠᠯᠬᠢᠨ ᠭᠡᠷᠡᠯ ᠢᠯᠴᠢ ᠴᠥᠮ᠎ᠡ ᠶᠢᠨ ᠨᠥᠭᠡᠴᠡᠯᠡᠯᠲᠡ ᠶᠢ ᠨᠢᠭᠡ ᠴᠣᠭᠴᠠᠵᠢᠭᠤᠯᠤᠭᠰᠠᠨ | ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠨ | ᠠᠰᠢᠭᠯᠠᠬᠤ ᠶᠢ ᠴᠢᠩᠭᠠᠳᠬᠠᠵᠤ᠂ ᠵᠡᠭᠦᠨ ᠬᠤᠶᠢᠲᠤ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠮᠢᠳᠤ ᠪᠣᠳᠠᠰ ᠤᠨ | ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠤᠳᠤ ᠦᠶ᠎ᠡ ᠶᠢᠨ ᠠᠮᠢᠳᠤ ᠪᠣᠳᠠᠰ᠂ ᠲᠣᠮᠣ ᠳ᠋ᠠᠶᠢᠲ᠋ᠠ ᠵᠡᠷᠭᠡ | ᠰᠢᠨ᠎ᠡ ᠪᠠᠷ ᠬᠥᠭᠵᠢᠭᠰᠡᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠮᠥᠰᠥ ᠴᠠᠰᠤᠨ ᠤ ᠠᠵᠤ ᠠᠬᠤᠢ ᠪᠠ ᠲᠠᠯᠠᠢ | ᠲᠠᠩᠭᠢᠰ ᠤᠨ ᠠᠵᠤ ᠠᠬᠤᠢ ᠶᠢ ᠬᠥᠭᠵᠢᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠭᠵᠢᠭᠦᠯᠦᠨ | ᠮᠠᠨᠳᠤᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠴᠢᠬᠤᠯᠠ ᠠᠵᠢᠯ | ᠲᠦᠷᠦᠯ ᠪᠠ ᠵᠠᠩᠭᠢᠯᠠᠭ᠎ᠠ ᠶᠢᠨ ᠬᠦᠷᠢᠶ᠎ᠡ ᠲᠡᠶᠢᠰᠢ ᠲᠥᠪᠯᠡᠷᠡᠬᠦ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ | ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠬᠡᠷᠡᠭᠲᠡᠢ᠃ ᠲᠥᠪ ᠤᠨ ᠪᠠ ᠣᠷᠣᠨ ᠨᠤᠲᠤᠭ ᠤᠨ ᠬᠠᠮᠲᠤᠷᠠᠯᠴᠠᠭᠠᠨ ᠤ | ᠵᠠᠭᠪᠤᠷ ᠤᠨ ᠰᠢᠨ᠎ᠡ ᠶᠢ ᠡᠭᠦᠳᠴᠦ᠂ ᠲᠥᠪ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠨᠡᠩ ᠰᠠᠶᠢᠲᠤᠷ ᠳᠠᠶᠢᠴᠢᠯᠠᠬᠤ ᠬᠡᠷᠡᠭᠲᠡᠢ᠃ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠡᠮᠵᠢᠨ ᠵᠣᠷᠢᠭᠵᠢᠭᠤᠯᠵᠤ᠂ ᠬᠥᠲᠥᠯᠥᠨ ᠵᠢᠯᠤᠭᠤᠳᠴᠤ᠂ ᠳᠤᠮᠳᠠ ᠪᠠᠭ᠎ᠠ | ᠠᠵᠤ ᠠᠬᠤᠶᠢᠯᠠᠯ ᠳᠤ ᠬᠠᠨᠳᠤᠭᠤᠯᠤᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠩ ᠤᠯᠠᠨ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠤᠯᠠᠨ ᠲᠦᠷᠦᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠬᠠᠮᠲᠤ ᠪᠠᠷ ᠬᠥᠭᠵᠢᠬᠦ ᠰᠠᠶᠢᠨ | ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ ᠪᠤᠯᠭᠠᠵᠤ | ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠤᠯᠤᠰ ᠤᠨ | ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ︽ᠲᠣᠭᠲᠠᠪᠤᠷᠢᠵᠢᠭᠤᠯᠤᠭᠴᠢ︾ ᠪᠤᠯᠬᠤ | ᠪᠣᠯ ᠵᠡᠭᠦᠨ ᠬᠤᠶᠢᠲᠤ ᠣᠷᠣᠨ ᠤ ᠲᠡᠷᠢᠭᠦᠨ ᠴᠢᠬᠤᠯᠠ ᠬᠠᠷᠢᠭᠤᠴᠠᠯᠭ᠎ᠠ ᠡᠭᠦᠷᠭᠡᠯᠡᠯ ᠪᠣᠯᠣᠨ᠎ᠠ᠃ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠪᠡᠶᠡᠯᠡᠭᠦᠯᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠡᠩ ᠤᠨ ᠦᠶ᠎ᠡ ᠳᠤ ᠤᠨᠠᠯᠲᠠ ᠲᠠᠢ᠂ ᠬᠠᠩᠭᠠᠯᠭ᠎ᠠ ᠭᠦᠢᠴᠡᠳ᠂ | ᠬᠡᠲᠦᠷᠡᠮᠡᠬᠡᠢ ᠪᠠᠶᠢᠳᠠᠯ ᠳᠣᠣᠷ᠎ᠠ ᠳᠠᠭᠠᠭᠠᠵᠤ ᠳᠡᠶᠢᠯᠭᠦ᠂ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ᠣᠷᠣᠭᠤᠯᠤᠯᠲᠠ ᠪᠠᠨ ᠨᠡᠮᠡᠭᠳᠡᠭᠦᠯᠦᠨ᠂ ᠦᠨᠳᠦᠰᠦᠨ ᠲᠠᠷᠢᠶᠠᠨ ᠭᠠᠵᠠᠷ ᠢ ᠤᠷᠢᠳ ᠢᠶᠠᠷ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠪᠣᠯᠭᠠᠨ ᠪᠦᠲᠦᠭᠡᠨ ᠪᠠᠶᠢᠭᠤᠯᠵᠤ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠬᠡᠷᠡᠭᠵᠢᠭᠦᠯᠬᠦ ᠬᠡᠪᠴᠢᠶ᠎ᠡ ᠶᠢ | ᠵᠡᠷᠭᠡ ᠳᠤᠨᠢ ᠥᠷᠭᠡᠳᠬᠡᠨ᠂ ᠭᠤᠣᠯ ᠨᠠᠭᠤᠷ ᠢ ᠬᠤᠯᠪᠣᠨ ᠨᠡᠪᠲᠡᠷᠡᠭᠦᠯᠬᠦ᠂ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠢ | ᠦᠷᠭᠦᠯᠵᠢᠯᠡᠨ ᠪᠠᠶᠢᠭᠤᠯᠵᠤ ᠥᠭᠡᠷᠡᠴᠢᠯᠡᠬᠦ ᠢᠨᠵᠧᠨᠧᠷᠢᠩ ᠢ ᠢᠵᠢ ᠪᠦᠷᠢᠳᠦᠭᠦᠯᠦᠨ ᠬᠡᠷᠡᠭᠵᠢᠭᠦᠯᠵᠦ᠂ ᠦᠷ᠎ᠡ ᠶᠢᠨ ᠦᠢᠯᠡᠰ ᠢ | ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠲᠠᠷᠢᠶᠠᠯᠠᠬᠤ ᠳᠤ ᠲᠣᠬᠢᠷᠠᠬᠤ᠂ ᠭᠠᠩᠳᠠᠵᠤ ᠤᠰᠤᠲᠤᠪᠠᠴᠤ ᠬᠤᠷᠢᠶᠠᠯᠲᠠ ᠶᠢ | ᠪᠠᠲᠤᠯᠠᠬᠤ᠂ ᠥᠨᠳᠥᠷ ᠤᠨᠠᠯᠲᠠ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠢ ᠪᠦᠲᠦᠭᠡᠨ | ᠪᠠᠶᠢᠭᠤᠯᠬᠤ ᠬᠡᠷᠡᠭᠲᠡᠢ᠃ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ᠂ ᠵᠡᠭᠦᠨ ᠬᠤᠶᠢᠲᠤ ᠶᠢᠨ ᠡᠯ᠎ᠡ | ᠲᠥᠷᠥᠯ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ᠂ ᠣᠳᠣ ᠦᠶ᠎ᠡ ᠶᠢᠨ ᠠᠮᠢ ᠠᠬᠤᠢ ᠶᠢᠨ ᠲᠡᠵᠢᠭᠡᠨ | ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ | ᠨᠢᠭᠡᠳᠦᠯᠲᠡᠢ ᠲᠥᠯᠥᠪᠵᠢᠭᠦᠯᠬᠦ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠠᠬᠤᠢ ᠶᠢ ᠵᠡᠷᠭᠡ ᠳᠤᠨᠢ | ᠬᠥᠭᠵᠢᠭᠦᠯᠬᠦ ᠠᠵᠤ ᠦᠢᠯᠡᠰ ᠤᠨ ᠰᠢᠰᠲ᠋ᠧᠮ ᠢ ᠪᠤᠶ ᠪᠤᠯᠭᠠᠵᠤ᠂ ᠲᠠᠷᠢᠶᠠᠯᠠᠩ ᠢ ᠲᠣᠮᠣ ᠠᠵᠤ ᠦᠢᠯᠡᠰ ᠪᠣᠯᠭᠠᠨ ᠪᠠᠶᠢᠭᠤᠯᠬᠤ | ᠬᠡᠷᠡᠭᠲᠡᠢ᠃ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠤᠯᠪᠠᠰᠤᠷᠠᠭᠤᠯᠬᠤ ᠪᠠ ᠨᠠᠷᠢᠯᠢᠭ ᠪᠤᠯᠪᠠᠰᠤᠷᠠᠭᠤᠯᠬᠤ ᠶᠢ | ᠬᠠᠮᠵᠢᠯᠴᠠᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ | ᠲᠠᠷᠢᠶᠠᠯᠠᠩ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ | ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠵᠡᠭᠦᠨ | ᠬᠤᠶᠢᠲᠤ ᠣᠷᠣᠨ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠡᠭᠦᠳᠡ ᠡᠷᠦᠭᠡ ᠮᠥᠨ᠂ ᠮᠠᠨ ᠤ ᠤᠯᠤᠰ | ᠵᠡᠭᠦᠨ ᠬᠤᠶᠢᠲᠤ ᠠᠽᠢᠶ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠠ | ᠦᠢᠯᠡᠳᠦᠯ ᠡᠳᠦᠷ ᠢᠷᠡᠬᠦᠶ᠎ᠡ ᠲᠣᠪᠤᠶᠢᠮ᠎ᠠ ᠪᠣᠯᠵᠤ ᠪᠠᠶᠢᠨ᠎ᠠ᠃ ᠬᠤᠰᠢᠭᠤᠷᠠᠯ ᠤᠨ ᠤᠬᠠᠮᠰᠠᠷ᠂ ᠨᠡᠭᠡᠭᠡᠯᠲᠡ ᠶᠢᠨ | ᠤᠬᠠᠮᠰᠠᠷ ᠢᠶᠠᠨ ᠴᠢᠩᠭᠠᠳᠬᠠᠵᠤ᠂ ᠵᠡᠭᠦᠨ ᠬᠡᠰᠡᠭ ᠤᠨ ᠲᠠᠯᠠᠢ ᠳᠠᠭᠠᠤ ᠣᠷᠣᠨ ᠪᠣᠯᠣᠨ ᠪᠡᠭᠡᠵᠢᠩ ᠲᠢᠶᠠᠨᠵᠢᠨ | ᠾᠧᠪᠧᠢ ᠯᠦᠭᠡ ᠶᠢᠨ ᠬᠠᠷᠢᠯᠴᠠᠭ᠎ᠠ ᠶᠢ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ ᠨᠡᠩ ᠶᠡᠭᠡ ᠦᠢᠯᠡᠳᠦᠯ | ᠪᠠᠳᠠᠷᠠᠭᠤᠯᠬᠤ ᠬᠡᠷᠡᠭᠲᠡᠢ᠃ ᠵᠡᠭᠦᠨ ᠬᠤᠶᠢᠲᠤ ᠣᠷᠣᠨ ᠤ ᠤᠳᠤ ᠦᠶ᠎ᠡ ᠶᠢᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ | ᠰᠢᠰᠲ᠋ᠧᠮ ᠲᠠᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ | ᠬᠤᠭᠤᠯᠠᠢ᠂ ᠲᠦᠷᠭᠡᠨ ᠤ ᠲᠡᠮᠦᠷ ᠵᠠᠮ ᠤᠨ ᠲᠣᠣᠷ ᠪᠣᠯᠣᠨ ᠲᠡᠮᠦᠷ ᠵᠠᠮ ᠤᠨ ᠲᠣᠣᠷ᠂ ᠰᠢᠨ᠎ᠡ ᠭᠡᠯᠪᠡᠷᠢ ᠶᠢᠨ ᠴᠠᠭᠢᠯᠭᠠᠨ | ᠲᠣᠣᠷ ᠪᠣᠯᠣᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠵᠠᠮ᠂ ᠰᠢᠨ᠎ᠡ ᠨᠢᠭᠡ ᠦᠶ᠎ᠡ ᠶᠢᠨ ᠰᠢᠯᠵᠢᠭᠡ ᠴᠢᠮᠡᠭᠡ ᠬᠤᠯᠪᠤᠭ᠎ᠠ | ᠪᠣᠯᠣᠨ ᠳ᠋ᠠᠶᠢᠲ᠋ᠠ ᠶᠢᠨ ᠲᠣᠣᠷ ᠢ ᠲᠦᠷᠭᠡᠨ ᠨᠤᠲᠠᠯᠠᠬᠤ ᠪᠠ ᠪᠦᠲᠦᠭᠡᠨ ᠪᠠᠶᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠨ ᠬᠥᠭᠵᠢᠬᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ | ᠪᠦᠲᠦᠭᠡᠨ ᠪᠠᠶᠢᠭᠤᠯᠤᠯᠲᠠ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠵᠡᠷᠭᠡ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠵᠡᠭᠦᠨ ᠬᠤᠶᠢᠲᠤ ᠣᠷᠣᠨ ᠤ ᠪᠦᠭᠦ ᠤᠯᠤᠰ ᠤᠨ | ᠨᠢᠭᠡᠳᠦᠯᠲᠡᠢ ᠶᠡᠭᠡ ᠵᠠᠬ᠎ᠠ ᠳᠡᠯᠭᠡᠭᠦᠷ ᠲᠤ ᠨᠡᠩ ᠰᠠᠶᠢᠲᠤᠷ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠳᠦᠷᠢᠮ᠂ | ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ | ᠬᠡᠷᠡᠭᠲᠡᠢ᠃ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠳᠥᠭᠦᠮᠴᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠥᠮᠥᠨ | ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠲᠤᠯᠭᠠᠭᠤᠷᠢᠯᠠᠬᠤ ᠬᠡᠷᠡᠭᠲᠡᠢ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠶᠡᠭᠡ ᠪᠠᠷ | ᠬᠥᠭᠵᠢᠭᠦᠯᠵᠦ᠂ ᠭᠡᠷ ᠪᠦᠯᠢ ᠶᠢᠨ ᠦᠷᠡᠵᠢᠯ ᠠᠰᠠᠷᠠᠬᠤ ᠰᠤᠷᠭᠠᠨ ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠵᠦ᠂ ᠵᠣᠬᠢᠬᠤ | ᠦᠷᠡᠵᠢᠯ ᠤᠨ ᠨᠣᠷᠮ᠎ᠠ ᠪᠠ ᠬᠥᠮᠥᠨ ᠠᠮᠠ ᠶᠢᠨ ᠬᠡᠪᠴᠢᠶ᠎ᠡ ᠶᠢ ᠪᠠᠲᠤᠯᠠᠬᠤ ᠬᠡᠷᠡᠭᠲᠡᠢ᠃ ᠰᠠᠭᠤᠷᠢ ᠰᠤᠷᠭᠠᠨ ᠬᠥᠮᠦᠵᠢᠯ ᠢ | ᠶᠡᠭᠡ ᠪᠠᠷ ᠬᠥᠭᠵᠢᠭᠦᠯᠵᠦ᠂ ᠵᠡᠭᠦᠨ ᠬᠤᠶᠢᠲᠤ ᠶᠢᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠶᠢ ᠳᠡᠮᠵᠢᠬᠦ | ᠡᠷᠴᠢᠮ ᠢᠶᠠᠨ ᠨᠡᠮᠡᠭᠳᠡᠭᠦᠯᠵᠦ᠂ ᠪᠦᠭᠦ ᠠᠷᠠᠳ ᠢᠯᠠᠩᠭᠤᠶ᠎ᠠ ᠵᠠᠯᠠᠭᠤᠴᠤᠳ ᠤᠨ ᠰᠤᠷᠭᠠᠨ ᠬᠥᠮᠦᠵᠢᠯ ᠭᠦᠷᠲᠡᠭᠦ ᠲᠦᠪᠰᠢᠨ ᠢ | ᠳᠡᠭᠡᠭᠰᠢᠯᠡᠭᠦᠯᠵᠦ᠂ ᠬᠥᠮᠥᠨ ᠠᠮᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠶᠢ ᠡᠭᠦᠳᠬᠦ ᠠᠵᠤ | ᠦᠢᠯᠡᠰ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ | ᠴᠢᠩᠭᠠᠳᠬᠠᠵᠤ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢᠨ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠨᠡᠩ ᠤᠯᠠᠨ ᠦᠢᠯᠡᠰ ᠪᠣᠰᠬᠠᠵᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠵᠡᠭᠦᠨ ᠬᠤᠶᠢᠲᠤ | ᠣᠷᠣᠨ ᠤ ᠴᠢᠳᠠᠪᠤᠷᠢᠲᠠᠨ ᠢ ᠦᠯᠡᠳᠡᠭᠡᠬᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠬᠦ ᠬᠡᠷᠡᠭᠲᠡᠢ᠃ ᠬᠢᠯᠢ | ᠳᠠᠭᠠᠤ ᠣᠷᠣᠨ ᠤ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠡᠨᠧᠷᠭᠢ᠂ ᠤᠰᠤᠨ ᠠᠰᠢᠭᠯᠠᠯᠲᠠ ᠵᠡᠷᠭᠡ ᠰᠠᠭᠤᠷᠢ | ᠲᠥᠬᠦᠭᠡᠷᠦᠮᠵᠢ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠢᠯᠢ ᠳᠠᠭᠠᠤ | ᠠᠶᠢᠯ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠣᠲᠣ ᠶᠢᠨ | ᠪᠠᠶᠢᠭ᠎ᠠ ᠬᠥᠮᠥᠨ ᠠᠮᠠ ᠶᠢ ᠴᠢᠷᠮᠠᠶᠢᠨ ᠦᠯᠡᠳᠡᠭᠡᠬᠦ ᠶᠢᠨ ᠬᠠᠮᠲᠤ ᠬᠢᠯᠢ ᠳᠠᠭᠠᠤ ᠶᠢᠨ ᠠᠷᠠᠯᠵᠢᠶ᠎ᠠ᠂ ᠬᠢᠯᠢ ᠳᠠᠭᠠᠤ ᠶᠢᠨ | ᠵᠢᠭᠤᠯᠴᠢᠯᠠᠯ ᠪᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠣᠨᠴᠠᠯᠢᠭᠲᠤ ᠠᠵᠤ | ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠬᠢᠯᠢ ᠳᠠᠭᠠᠤ ᠬᠤᠲᠠ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠰᠤᠷᠭᠠᠭᠤᠯᠢ ᠪᠠᠶᠢᠭᠤᠯᠬᠤ ᠶᠢ ᠳᠡᠮᠵᠢᠵᠦ᠂ ᠰᠢᠶᠠᠨ ᠤ ᠬᠤᠲᠠ ᠪᠣᠯᠣᠨ ᠵᠢᠵᠢᠭ ᠬᠤᠲᠠ ᠪᠠᠯᠭᠠᠰᠤ ᠶᠢ ᠬᠠᠪᠰᠤᠷᠤᠨ ᠠᠵᠤ | ᠦᠢᠯᠡᠰ ᠤᠨ ᠳᠠᠭᠠᠭᠠᠴᠠ ᠶᠢᠨ ᠴᠢᠳᠠᠪᠤᠷᠢ ᠪᠣᠯᠣᠨ ᠬᠥᠮᠥᠨ ᠠᠮᠠ ᠶᠢ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠭᠦ | ᠬᠡᠷᠡᠭᠲᠡᠢ᠃ ᠬᠢᠯᠢ ᠬᠢᠵᠠᠭᠠᠷ ᠣᠷᠣᠨ ᠢ ᠬᠠᠮᠠᠭᠠᠯᠠᠬᠤ ᠨᠠᠩ ᠬᠦᠴᠦᠲᠡᠢ ᠨᠥᠬᠦᠪᠦᠷᠢ ᠥᠭᠬᠦ ᠵᠡᠷᠭᠡ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠰᠢᠯᠢᠳᠡᠭᠵᠢᠭᠦᠯᠵᠦ᠂ ᠬᠤᠳᠠᠯᠳᠤᠭ᠎ᠠ ᠡᠷᠭᠢᠯᠡᠭᠦ | ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠵᠡᠭᠦᠨ ᠬᠤᠶᠢᠲᠤ ᠶᠢᠨ ᠶᠠᠫᠤᠨ ᠢ ᠡᠰᠡᠷᠭᠦᠴᠡᠬᠦ | ᠬᠤᠯᠪᠣᠭᠠᠲᠤ ᠴᠡᠷᠢᠭ ᠤᠨ ᠵᠣᠷᠢᠭ ᠰᠠᠨᠠᠭ᠎ᠠ᠂ ᠳ᠋ᠠᠴᠢᠩ ᠤᠨ ᠵᠣᠷᠢᠭ ᠰᠠᠨᠠᠭ᠎ᠠ ︵ᠲᠡᠮᠦᠷ ᠬᠥᠮᠥᠨ ᠤ ᠵᠣᠷᠢᠭ ᠰᠠᠨᠠᠭ᠎ᠠ︶᠂ | ᠤᠮᠠᠷᠠᠲᠤ ᠶᠢᠨ ᠶᠡᠭᠡ ᠠᠲᠠᠷ ᠬᠠᠭᠠᠯᠪᠤᠷᠢᠯᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠭᠡᠰᠢᠭᠦᠨ᠂ ᠺᠠᠳ᠋ᠷ ᠢ | ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠵᠤ᠂ ᠠᠵᠢᠯ | ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠬᠦ ᠬᠡᠷᠡᠭᠲᠡᠢ᠃ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ | ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ | ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ ᠠᠷᠢᠭᠤᠨ ᠴᠢᠬᠡᠴᠢ ᠪᠠᠷ | ᠠᠵᠢᠯ ᠬᠢᠬᠦ ᠶᠢ ᠱᠠᠯᠠᠪᠳᠠᠭᠤᠯᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠪᠠᠨ ᠬᠤᠪᠢᠷᠠᠭᠤᠯᠵᠤ᠂ ᠵᠠᠬ᠎ᠠ | ᠳᠡᠯᠭᠡᠭᠦᠷ ᠤᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠲᠡᠪᠴᠢᠬᠦ ᠬᠡᠷᠡᠭᠲᠡᠢ᠃ ᠵᠠᠰᠠᠭ ᠤᠨ ᠣᠷᠳᠣᠨ ᠪᠠ ᠬᠤᠳᠠᠯᠳᠤᠭᠠᠨ ᠤ ᠬᠤᠭᠤᠷᠣᠨᠳᠣᠭᠢ ᠳᠣᠲᠣᠨᠣ ᠴᠢᠬᠡᠴᠢ ᠨᠢᠭᠡᠳᠦᠯᠲᠡᠢ | ᠰᠢᠨ᠎ᠡ ᠭᠡᠯᠪᠡᠷᠢ ᠶᠢᠨ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠦᠴᠢᠷ ᠵᠣᠪᠠᠯᠠᠩ ᠢ ᠨᠢ | ᠰᠠᠨᠠᠭᠠᠴᠢᠯᠠᠭ᠎ᠠ ᠠᠴᠠ ᠪᠠᠨ ᠠᠷᠢᠯᠭᠠᠬᠤ ᠮᠥᠷᠲᠡᠭᠡᠨ ᠪᠠᠰᠠ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠢ᠃ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ᠂ | ᠵᠥᠷᠢᠴᠡᠯ ᠢ ᠰᠢᠢᠳᠪᠦᠷᠢᠯᠡᠬᠦ᠂ ᠬᠠᠷᠢᠴᠠᠭ᠎ᠠ ᠶᠢ ᠵᠣᠬᠢᠴᠠᠭᠤᠯᠬᠤ ᠳᠠᠭᠠᠨ ᠴᠢᠳᠠᠮᠠᠭᠠᠢ ᠪᠠᠶᠢᠵᠤ᠂ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠦᠷᠦᠯ ᠤᠨ ᠡᠵᠡᠩᠨᠡᠯᠲᠡ ᠶᠢᠨ | ᠭᠤᠣᠯ ᠴᠣᠭᠴᠠ ᠳᠤ ᠲᠣᠭᠲᠠᠭᠤᠨ᠂ ᠢᠯᠡ ᠲᠣᠳᠣ᠂ ᠵᠢᠷᠤᠮᠵᠢᠯ ᠲᠠᠢ᠂ ᠵᠢᠱᠢᠵᠦ ᠪᠣᠯᠬᠤᠶᠢᠴᠠ ᠬᠠᠤᠯᠢᠵᠢᠯ ᠤᠨ ᠣᠷᠴᠢᠨ | ᠨᠥᠬᠦᠴᠡᠯ ᠢ ᠡᠭᠦᠳᠴᠦ ᠥᠭᠬᠦ ᠬᠡᠷᠡᠭᠲᠡᠢ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ | ᠨᠠᠮᠳᠠᠭᠠᠵᠤ᠂ ᠳᠤᠮᠳᠠ ᠪᠠᠭ᠎ᠠ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠦᠷᠭᠡᠨ | ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠵᠤ᠂ ᠡᠷᠡᠭᠦᠯ ᠡᠩᠬᠡ | ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠳᠠᠭᠢᠨ ᠴᠣᠭᠴᠠᠯᠠᠬᠤ ᠬᠡᠷᠡᠭᠲᠡᠢ᠃ ᠵᠡᠭᠦᠨ ᠬᠤᠶᠢᠲᠤ ᠣᠷᠣᠨ ᠪᠣᠯᠣᠨ | ᠲᠥᠪ ᠤᠨ ᠪᠠ ᠲᠦᠷᠦ ᠶᠢᠨ ᠪᠠᠶᠢᠭᠤᠯᠭ᠎ᠠ᠂ ᠵᠡᠭᠦᠨ ᠡᠮᠦᠨᠡᠲᠦ ᠲᠠᠯᠠᠢ ᠳᠠᠭᠠᠤ ᠣᠷᠣᠨ ᠤ ᠺᠠᠳ᠋ᠷ ᠲᠠᠢ ᠲᠤᠰᠢᠶᠠᠯ ᠡᠭᠦᠷᠭᠡᠯᠡᠬᠦ | ᠲᠦᠷ ᠴᠠᠭ ᠲᠤᠰᠢᠶᠠᠯ ᠡᠭᠦᠷᠭᠡᠯᠡᠬᠦ ᠪᠠ ᠬᠤᠣᠰ ᠴᠢᠭᠯᠡᠯ ᠢᠶᠠᠷ ᠰᠣᠯᠢᠯᠴᠠᠬᠤ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ | ᠪᠦᠲᠦᠴᠡ ᠶᠢ ᠰᠢᠯᠢᠳᠡᠭᠵᠢᠭᠦᠯᠦᠨ᠂ ᠲᠤᠰᠬᠠᠶᠢᠵᠢᠭᠰᠠᠨ ᠬᠡᠪ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠴᠢᠩᠭ᠎ᠠ ᠬᠠᠮᠢᠶᠠᠷᠬᠤ ᠪᠠ | ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠭᠤᠷᠪᠠ ᠶᠢ ᠢᠯᠭᠠᠬᠤ︾ ᠶᠢ ᠨᠠᠶᠢᠳᠠᠪᠤᠷᠢᠵᠢᠭᠤᠯᠵᠤ᠂ | ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠ ᠬᠠᠮᠠᠭᠠᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠴᠢᠳᠠᠪᠤᠷᠢ ᠲᠠᠢ ᠶᠢ ᠨᠢ ᠳᠡᠪᠰᠢᠭᠦᠯᠬᠦ᠂ ᠰᠢᠯᠢᠳᠡᠭ ᠢ ᠨᠢ ᠱᠠᠩᠨᠠᠬᠤ᠂ ᠶᠡᠷᠦᠮᠳᠡᠭ ᠢ ᠨᠢ | ᠪᠠᠭᠤᠯᠭᠠᠬᠤ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠵᠡᠭᠦᠨ | ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠦᠨᠳᠦᠰᠦᠨ ᠪᠠᠲᠤᠯᠠᠭ᠎ᠠ ᠮᠥᠨ᠃ ᠨᠢᠭᠡᠳᠦᠭᠡᠷ | ᠪᠦᠯᠦᠭ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠣᠯᠭᠠᠭᠤᠯᠵᠤ ᠬᠤᠯᠪᠣᠯᠳᠤᠭᠤᠯᠬᠤ ᠶᠢ ᠴᠢᠬᠤᠯᠠᠴᠢᠯᠠᠨ | ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠶᠢᠨ ᠳᠤᠷᠠᠳᠤᠭᠰᠠᠨ ᠬᠠᠷᠠᠯᠲᠠ ᠱᠠᠭᠠᠷᠳᠠᠯᠭ᠎ᠠ ᠪᠣᠯᠣᠨ ᠡᠯ᠎ᠡ ᠵᠦᠢᠯ ᠤᠨ | ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ | ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ᠂ ᠨᠠᠮ ᠤᠨ ᠭᠡᠰᠢᠭᠦᠨ᠂ ᠺᠠᠳ᠋ᠷ ᠤᠨ ᠦᠵᠡᠯ | ᠰᠠᠨᠠᠭ᠎ᠠ ᠪᠣᠯᠣᠨ ᠦᠢᠯᠡ ᠠᠵᠢᠯᠯᠠᠭ᠎ᠠ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ | ᠳᠡᠭᠡᠷ᠎ᠡ ᠨᠢᠭᠡᠳᠬᠡᠵᠦ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠵᠣᠷᠢᠭ ᠰᠠᠨᠠᠭ᠎ᠠ ᠪᠠᠨ ᠬᠥᠪᠴᠢᠯᠡᠬᠦ ᠬᠡᠷᠡᠭᠲᠡᠢ᠃ ᠪᠠᠶᠢᠴᠠᠭᠠᠨ | ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠰᠢᠨᠵᠢᠯᠡᠬᠦ | ᠤᠬᠠᠭᠠᠨᠴᠢ ᠪᠠᠷ ᠠᠵᠢᠯ ᠢᠶᠠᠨ ᠲᠥᠯᠥᠪᠵᠢᠭᠦᠯᠬᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠵᠤ᠂ ᠨᠠᠮ ᠤᠨ ᠭᠡᠰᠢᠭᠦᠨ᠂ ᠺᠠᠳ᠋ᠷ ᠢ ᠬᠥᠮᠥᠵᠢᠭᠦᠯᠦᠨ ᠵᠢᠯᠤᠭᠤᠳᠴᠤ | ᠪᠠᠶᠢᠭᠠᠳ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ | ᠰᠢᠨᠵᠢᠯᠡᠬᠦ ᠤᠬᠠᠭᠠᠨᠴᠢ ᠣᠪᠣᠷ ᠪᠣᠯᠣᠨ ᠪᠣᠳᠠᠲᠠᠢ ᠶᠢ ᠡᠷᠭᠢᠮᠯᠡᠭᠦ ᠵᠣᠷᠢᠭ ᠰᠠᠨᠠᠭ᠎ᠠ ᠪᠠᠷ ᠬᠥᠭᠵᠢᠯᠲᠡ ᠶᠢᠨ ᠰᠢᠨ᠎ᠡ ᠪᠠᠶᠢᠳᠠᠯ ᠢ | ᠡᠭᠦᠳᠬᠦ ᠬᠡᠷᠡᠭᠲᠡᠢ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠨᠠᠮ ᠤᠨ ᠭᠡᠰᠢᠭᠦᠨ᠂ | ᠺᠠᠳ᠋ᠷ ᠢ ᠱᠠᠯᠠᠪᠳᠠᠭᠤᠯᠤᠨ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠲᠠᠯ᠎ᠠ ᠪᠠᠷ ᠬᠢ ᠠᠰᠠᠭᠤᠳᠠᠯ ᠳᠤ | ᠵᠥᠪ ᠢᠶᠠᠷ ᠬᠠᠨᠳᠤᠬᠤ ᠪᠠ ᠰᠢᠢᠳᠪᠦᠷᠢᠯᠡᠵᠦ᠂ ᠰᠢᠨ᠎ᠡ ᠰᠤᠷᠲᠠᠯ ᠲᠥᠪ ᠰᠤᠷᠲᠠᠯ ᠢᠶᠠᠷ ᠠᠷᠠᠳ ᠤᠯᠠᠨ ᠤ ᠬᠥᠭᠵᠢᠯᠲᠡ ᠶᠢᠨ | ᠢᠲᠡᠭᠡᠯ ᠵᠣᠷᠢᠭ ᠢ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ᠂ ᠵᠡᠭᠦᠨ | ᠬᠤᠶᠢᠲᠤ ᠶᠢᠨ ᠵᠠᠷᠢᠮ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠲᠤ ᠤᠴᠠᠷᠠᠪᠠ᠃ ᠨᠠᠮ ᠤᠨ | ᠲᠥᠪ ᠬᠤᠷᠢᠶ᠎ᠠ ᠠᠴᠠ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ | ᠪᠦᠲᠦᠭᠡᠨ ᠪᠠᠶᠢᠭᠤᠯᠬᠤ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠵᠡᠭᠦᠨ ᠬᠤᠶᠢᠲᠤ ᠶᠢᠨ ᠭᠤᠷᠪᠠᠨ ᠮᠤᠵᠢ | ᠵᠢᠴᠢ ᠥᠪᠥᠷ ᠮᠣᠩᠭᠤᠯ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠮᠰᠢᠭ ᠤᠨ ᠳᠠᠷᠠᠭᠠᠬᠢ | ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠭᠠᠮᠰᠢᠭᠳᠠᠭᠰᠠᠨ | ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠵᠤ᠂ ᠭᠠᠮᠰᠢᠭᠳᠠᠭᠰᠠᠨ ᠣᠷᠣᠨ ᠤ ᠰᠤᠷᠤᠬᠴᠢᠳ ᠢ | ᠰᠤᠷᠭᠠᠭᠤᠯᠢ ᠳᠤ ᠰᠠᠭᠤᠯᠭᠠᠬᠤ ᠶᠢ ᠦᠨᠡᠨ ᠬᠦ ᠪᠠᠲᠤᠯᠠᠵᠤ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ | ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠬᠦ ᠶᠢ ᠬᠦᠰᠡᠵᠦ ᠪᠠᠶᠢᠨ᠎ᠠ᠃ ᠨᠠᠮᠤᠷ ᠤᠨ ᠦᠶᠡᠷ ᠢ ᠳᠡᠭᠡᠳᠦ | ᠬᠡᠮᠵᠢᠶ᠎ᠡ ᠪᠠᠷ ᠰᠡᠷᠡᠮᠵᠢᠯᠡᠵᠦ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠵᠦ᠂ | ᠪᠡᠯᠡᠳᠬᠡᠯ ᠲᠠᠢ ᠪᠣᠯ ᠪᠠᠯᠠᠳᠠᠬᠤ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠪᠠᠲᠤ | ᠡᠵᠡᠮᠳᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠵᠡᠭᠦᠨ ᠬᠤᠶᠢᠲᠤ | ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ᠂ | ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ᠃ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ | ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ | ᠬᠡᠷᠡᠭᠯᠡᠯᠲᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠪᠠᠷ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢ ᠲᠣᠭᠲᠠᠭᠤᠨ ᠢᠶᠠᠷ ᠥᠷᠭᠡᠳᠬᠡᠵᠦ᠂ ᠬᠥᠭᠵᠢᠯᠲᠡ ᠶᠢᠨ ᠳᠣᠲᠣᠭᠠᠳᠤ ᠠᠮᠢᠵᠢᠷᠠᠯ ᠤᠨ ᠬᠦᠴᠦᠨ ᠢ ᠬᠥᠭᠵᠢᠭᠡᠬᠦ | ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠶ ᠪᠤᠯᠭᠠᠵᠤ᠂ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡ ᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ | ᠨᠡᠮᠡᠭᠳᠡᠭᠦᠯᠬᠦ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ | ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ | ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ | ᠃ | |